ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠴᠢ ᠶᠢ ᠱᠠᠩᠨᠠᠬᠤ
ᠨᠡᠶᠢᠲᠡᠯᠡᠭᠰᠡᠨ ᠴᠠᠭ᠄
2021/10/20
ᠬᠦᠯᠢᠶᠡᠨ ᠰᠢᠢᠳᠪᠦᠷᠢᠯᠡᠬᠦ ᠨᠥᠬᠦᠴᠡᠯ        ᠬᠠᠩᠭᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠦᠨᠡᠨ ᠪᠣᠳᠠᠲᠠᠶ ᠬᠦᠴᠦᠨ ᠲᠠᠢ ᠪᠠᠶᠢᠬᠤ᠃ ᠲᠣᠭᠲᠠᠭᠠᠭᠰᠠᠨ ᠦᠨᠳᠦᠰᠦᠯᠡᠯ       【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠳᠦᠷᠢᠮ︾ ︵2004 ᠣᠨ ᠤ 11 ᠰᠠᠷ᠎ᠠ ᠶᠢᠨ 1 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 423 ᠳ᠋ᠤᠭᠠᠷ ᠵᠠᠷᠯᠢᠭ ᠢᠶᠠᠷ ᠨᠡᠶᠢᠲᠡᠯᠡᠪᠡ︶ ᠶᠢᠰᠦᠳᠦᠭᠡᠷ ᠵᠤᠷᠪᠤᠰ ᠤᠨ ᠭᠤᠷᠪᠠᠳᠤᠭᠠᠷ ᠵᠦᠢᠯ ᠳᠤ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠶ ᠪᠠᠶᠢᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠲᠦᠷᠢᠮ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠭᠤᠣᠯ ᠰᠦᠪᠡᠭᠴᠢ ᠪᠠ ᠭᠡᠷᠡᠴᠢ ᠪᠠᠷᠢᠮᠲᠠ ᠬᠠᠩᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠲᠦᠷᠢᠮ︾ ︵2010 ᠣᠨ ᠤ 3 ᠳ᠋ᠤᠭᠠᠷ ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠤᠨ 15 ᠳ᠋ᠤᠭᠠᠷ ᠲᠣᠭᠠᠲᠤ ᠪᠠᠷ ᠨᠡᠶᠢᠲᠡᠯᠡᠪᠡ︶ ᠳᠣᠯᠣᠳᠤᠭᠠᠷ ᠵᠤᠷᠪᠤᠰ ᠲᠤ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠤᠨ ᠪᠤᠰᠤᠳ ᠬᠤᠯᠪᠣᠭᠳᠠᠯ ᠪᠥᠬᠦᠶ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠶ ᠪᠠᠶᠢᠵᠤ ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠤᠨ ᠪᠤᠰᠤᠳ ᠬᠤᠯᠪᠣᠭᠳᠠᠯ ᠪᠦᠬᠦᠢ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠭᠤᠣᠯ ᠰᠦᠪᠡᠭᠴᠢ ᠪᠠ ᠭᠡᠷᠡᠴᠢ ᠪᠠᠷᠢᠮᠲᠠ ᠬᠠᠩᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠦᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 36 —39 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号