ᠳᠣᠲᠣᠭᠠᠳᠤ ᠭᠤᠣᠯ ᠮᠥᠷᠡᠨ ᠤ ᠠᠶᠠᠯᠠᠯ ᠨᠡᠪᠲᠡᠷᠡᠬᠦ ᠤᠰᠤᠨ ᠣᠷᠣᠨ ᠤ ᠠᠶᠤᠯᠭᠦᠶ ᠠᠵᠢᠯᠯᠠᠭᠠᠨ ᠤ ᠳᠠᠩᠰᠠᠯᠠᠯᠲᠠ
ᠨᠡᠶᠢᠲᠡᠯᠡᠭᠰᠡᠨ ᠴᠠᠭ᠄
2021/10/20
ᠬᠦᠯᠢᠶᠡᠨ ᠰᠢᠢᠳᠪᠦᠷᠢᠯᠡᠬᠦ ᠨᠥᠬᠦᠴᠡᠯ         ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2 . ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ ︵ᠬᠤᠶᠠᠷ︶ ᠥᠯᠥ ᠵᠥᠪᠰᠢᠶᠡᠷᠡᠭᠰᠡᠨ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2.  ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ  ᠬᠢᠵᠠᠭᠠᠷᠯᠠᠯ ᠥᠭᠡᠢ᠃     ᠲᠣᠭᠲᠠᠭᠠᠭᠰᠠᠨ ᠦᠨᠳᠦᠰᠦᠯᠡᠯ       【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠭᠤᠤᠯ ᠮᠥᠷᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ︵2002 ᠣᠨ ᠤ 6 ᠰᠠᠷ᠎ᠠ ᠶᠢᠨ 28 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 355 ᠳ᠋ᠤᠭᠠᠷ ᠵᠠᠷᠯᠢᠭ ᠢᠶᠠᠷ ᠨᠡᠶᠢᠲᠡᠯᠡᠵᠦ᠂ 2019 ᠣᠨ ᠤ 3 ᠰᠠᠷ᠎ᠠ ᠶᠢᠨ 2 ᠤᠨ ᠡᠳᠦᠷ ᠵᠠᠰᠠᠪᠤᠷᠢ ᠣᠷᠣᠭᠤᠯᠪᠠ︶ ᠬᠤᠷᠢᠨ ᠨᠠᠢᠮᠠᠳᠤᠭᠠᠷ ᠵᠤᠷᠪᠤᠰ ᠲᠤ᠂ ᠳᠣᠲᠣᠭᠠᠳᠤ ᠭᠤᠤᠯ ᠮᠥᠷᠡᠨ ᠤ ᠠᠶᠠᠯᠠᠯ ᠨᠡᠪᠲᠡᠷᠡᠬᠦ ᠤᠰᠤᠨ ᠣᠷᠣᠨ ᠳᠤ ᠠᠶᠠᠯᠠᠯ ᠨᠡᠪᠲᠡᠷᠡᠬᠦ ᠠᠮᠤᠷ ᠲᠦᠪᠰᠢᠨ ᠢ ᠨᠥᠯᠥᠭᠡᠯᠡᠵᠦ ᠮᠡᠳᠡᠬᠦ ᠪᠠᠶᠢᠳᠠᠯ ᠳᠤ ᠬᠠᠨᠳᠤᠭᠤᠯᠵᠤ ᠳᠣᠣᠷᠠᠬᠢ ᠮᠡᠲᠦ ᠠᠵᠢᠯ ᠤᠳ ᠢ ᠬᠢᠵᠤ᠂ ᠠᠵᠢᠯᠯᠠᠬᠤ ᠠᠴᠠ ᠪᠠᠨ ᠡᠮᠦᠨ᠎ᠡ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠶ᠄ ︵ᠨᠢᠭᠡ︶ ᠴᠠᠭ ᠠᠭᠤᠷ ᠤᠨ ᠠᠵᠢᠭᠯᠠᠯᠲᠠ᠂ ᠬᠡᠮᠵᠢᠯᠲᠡ᠂ ᠭᠠᠵᠠᠷ ᠰᠢᠨᠵᠢᠯᠡᠭᠡᠨ ᠤ ᠪᠠᠶᠢᠴᠠᠭᠠᠯᠲᠠ᠃ ︵ᠬᠤᠶᠠᠷ︶ ᠤᠰᠤᠨ ᠠᠶᠠᠯᠠᠯ ᠤᠨ ᠵᠠᠮ ᠤᠨ ᠡᠳᠦᠷ ᠲᠤᠲᠤᠮ ᠤᠨ ᠵᠠᠰᠠᠨ ᠬᠠᠮᠠᠭᠠᠯᠠᠯᠲᠠ᠃ ︵ᠭᠤᠷᠪᠠ︶ ᠤᠰᠤᠨ ᠳᠡᠭᠡᠷᠡᠬᠢ ᠬᠤᠭ ᠨᠣᠪᠰᠢ ᠶᠢ ᠶᠡᠭᠡ ᠬᠡᠪᠴᠢᠶ᠎ᠡ ᠪᠠᠷ ᠴᠡᠪᠡᠷᠯᠡᠬᠦ᠃ ︵ᠲᠦᠷᠪᠡ︶ ᠳᠣᠲᠣᠭᠠᠳᠤ ᠭᠤᠣᠯ ᠮᠥᠷᠡᠨ ᠤ ᠠᠶᠠᠯᠠᠯ ᠨᠡᠪᠲᠡᠷᠡᠬᠦ ᠤᠰᠤᠨ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠵᠦ ᠮᠡᠳᠡᠬᠦ ᠪᠤᠰᠤᠳ ᠦᠢᠯᠡ ᠠᠵᠢᠯᠯᠠᠭ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠦᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 31 —  33 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号