ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠵᠠᠷᠯᠠᠯ
ᠨᠡᠶᠢᠲᠡᠯᠡᠭᠰᠡᠨ ᠴᠠᠭ᠄
2021/10/22
ᠠᠷᠣ ᠰᠡᠷᠭᠡᠶᠢᠯᠡᠬᠦ ᠵᠢᠯᠣᠭᠤᠳᠬᠤ ᠲᠠᠷᠬᠠᠭᠠᠭᠰᠠᠨ ﹇2021﹈ 38 ᠳ᠋ᠤᠭᠠᠷ ᠲᠣᠭᠠᠲᠤ        ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷᠵᠢᠯ ᠢ ᠦᠷᠭᠦᠯᠵᠢᠯᠡᠨ ᠨᠢᠭᠲᠠᠷᠠᠭᠤᠯᠣᠨ ᠪᠠᠲᠣᠳᠬᠠᠵᠦ᠂ ᠬᠢᠵᠢᠭ ᠤᠨ ᠬᠠᠯᠳᠠᠪᠦᠷᠢᠯᠠᠨ ᠣᠷᠣᠵᠦ ᠢᠷᠡᠬᠦ ᠲᠦᠭᠰᠢᠭᠦᠷᠢ ᠶᠢ ᠪᠠᠭᠤᠷᠠᠭᠤᠯᠬᠤ ᠶᠢᠨ ᠲᠥᠯᠥᠭᠡ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠪᠠᠴᠢᠮ ᠵᠠᠷᠯᠠᠶ᠎ᠠ᠄        ᠨᠢᠭᠡ᠂ ᠠᠶᠠᠯᠠᠯ ᠤᠨ ᠵᠠᠮ ᠱᠣᠭᠤᠮ ᠢᠶᠠᠨ ᠤᠬᠠᠮᠰᠠᠷ ᠠᠴᠠ ᠪᠠᠨ ᠳᠡᠭᠡᠭᠰᠢ ᠮᠡᠳᠡᠭᠦᠯᠦᠨ ᠳᠠᠩᠰᠠᠯᠠᠭᠤᠯᠤᠨ᠎ᠠ ᠃ 10 ᠰᠠᠷ᠎ᠠ ᠶᠢᠨ 1 ᠤ ᠡᠳᠦᠷ ︵ᠪᠠᠭᠲᠠᠨ᠎ᠠ︶ ᠠᠴᠠ ᠨᠠᠭᠠᠰᠢ ᠭᠠᠨᠰᠦ ᠶᠢᠨ ᠵᠠᠩ ᠶᠧ ᠬᠤᠲᠠ᠂ ᠵᠢᠶᠠ ᠢᠦᠶ ᠭᠤᠸᠠᠨ ᠬᠤᠲᠠ᠂ ᠦᠪᠦᠷ ᠮᠣᠩᠭᠤᠯ ᠤᠨ ᠡᠵᠡᠨ᠎ᠡ ᠬᠤᠰᠢᠭᠤ᠂ ᠱᠠᠨᠰᠢ ᠶᠢᠨ ᠰᠢ ᠠᠨ ᠬᠤᠲᠠ᠂ ᠨᠢᠩᠰᠢᠶᠠ ᠶᠢᠨ ᠢᠷᠭᠠᠢ ᠬᠤᠲᠠ ᠳᠤ ᠵᠣᠭᠠᠴᠠᠵᠦ ᠰᠠᠭᠤᠭᠰᠠ ᠦᠩᠭᠡᠷᠡᠯᠲᠡ ᠲᠠᠢ ᠠᠷᠣ ᠬᠤᠷᠴᠢᠨ ᠳᠤ ᠢᠷᠡᠭᠰᠡᠨ ︵ᠪᠤᠴᠠᠭᠰᠠᠨ︶ ᠬᠥᠮᠦᠰ᠂ 10 ᠳ᠋ᠤᠭᠠᠷ ᠰᠠᠷ᠎ᠠ ᠶᠢᠨ 9 ᠤ ᠡᠳᠦᠷ ︵ᠪᠠᠭᠲᠠᠨ᠎ᠠ︶ ᠠᠴᠠ ᠨᠠᠭᠠᠰᠢ ᠱᠠᠩᠬᠠᠢ ᠶᠢᠨ ᠫᠦᠳᠦ᠋ᠩ ᠨᠢᠰᠬᠡᠯ ᠤᠨ ᠪᠠᠭᠤᠳᠠᠯ ᠳᠤ ᠬᠤᠷᠭᠤᠳᠠᠭᠰᠠᠨ ᠦᠩᠭᠡᠷᠡᠯᠲᠡ ᠲᠠᠢ ᠠᠷᠣ ᠬᠤᠷᠴᠢᠨ ᠳᠤ ᠢᠷᠡᠭᠰᠡᠨ ︵ᠪᠤᠴᠠᠭᠰᠠᠨ︶ ᠬᠥᠮᠦᠰ᠂ ᠳᠠᠷᠤᠶᠢᠬᠠᠨ ᠪᠠᠶᠢᠭ᠎ᠠ ᠨᠢᠭᠡᠴᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠪᠦᠭᠡᠮ ᠬᠦᠴᠢᠯ ᠢ ᠰᠢᠯᠭᠠᠨ ᠪᠠᠶᠢᠴᠠᠭᠠᠯᠲᠠ᠂ ᠲᠤᠰᠠᠭᠠᠷᠯᠠᠨ ᠠᠵᠢᠭᠯᠠᠬᠤ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠠᠮᠵᠢᠯᠴᠠᠭᠠᠷᠠᠶ᠃ ᠮᠡᠳᠡᠭᠡ ᠵᠠᠩᠭᠢ ᠪᠠᠨ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠪᠠᠨ ᠣᠷᠬᠢᠭᠳᠠᠭᠤᠯᠬᠤ᠂ ᠪᠤᠷᠤᠭᠤ ᠮᠡᠳᠡᠭᠦᠯᠬᠦ ᠪᠤᠶᠤ ᠬᠤᠳᠠᠯ ᠢᠶᠠᠷ ᠮᠡᠳᠡᠭᠦᠯᠦᠭᠡᠳ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠣᠯ᠂ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠬᠤᠶᠠᠷ᠂ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠨ᠎ᠠ᠃ ᠤᠯᠤᠰ ᠤᠨ ᠳᠣᠲᠣᠭᠠᠳᠤ ᠶᠢᠨ ᠬᠠᠮᠤᠭ ᠤᠨ ᠰᠢᠨ᠎ᠡ ᠬᠢᠵᠢᠭ ᠤᠨ ᠬᠥᠳᠡᠯᠦᠯ ᠪᠠᠶᠢᠳᠠᠯ ᠪᠣᠯᠤᠨ ᠠᠯᠪᠠᠨ ᠠᠴᠠ ᠨᠡᠶᠢᠲᠡᠯᠡᠭᠰᠡᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠯᠢᠪᠠ ᠬᠢᠵᠢᠭ ᠤᠨ ᠪᠠᠶᠢᠳᠠᠯ ᠡᠭᠦᠰᠦᠭᠰᠡᠨ ᠬᠤᠲᠠ ᠠᠴᠠ ᠠᠷᠤ ᠬᠤᠷᠴᠢᠨ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠤᠮᠠᠨᠵᠢᠨ ᠰᠠᠶ᠋ᠢ ᠠᠷᠤ ᠬᠤᠷᠴᠢᠨ ᠬᠤᠰᠢᠭᠤᠨ ᠳᠤ ᠪᠤᠴᠠᠬᠤ ᠬᠡᠷᠡᠭᠲᠡᠶ᠃ ᠡᠯ᠎ᠡ ᠭᠤᠣᠯᠳᠠᠯᠭ᠎ᠠ ᠲᠠᠢ ᠭᠠᠵᠠᠷ ᠲᠠᠯᠠᠪᠤᠷ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠲᠣᠰ ᠲᠥᠷᠥᠯ ᠤᠨ ᠬᠥᠮᠦᠰ ᠤᠨ ᠵᠢᠭᠰᠠᠭᠠᠨ ᠪᠠᠶᠢᠴᠠᠭᠠᠯᠲᠠ ᠶᠢ ᠴᠢᠩᠭ᠎ᠠ ᠨᠢᠮᠪᠠᠢ ᠥᠷᠨᠢᠭᠦᠯᠵᠦ᠂ ᠲᠣᠰ ᠲᠥᠷᠥᠯ ᠤᠨ ᠬᠥᠮᠦᠰ ᠤᠨ ᠠᠷᠣ ᠬᠤᠷᠴᠢᠨ ᠳᠤ ᠪᠣᠴᠠᠭᠰᠠᠨ ᠤ ᠳᠠᠷᠠᠭ᠎ᠠ ᠬᠠᠮᠤᠭ ᠤᠨ ᠲᠡᠷᠢᠭᠦᠨ ᠳᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃        ᠭᠤᠷᠪᠠ᠂ ᠭᠠᠳᠠᠭᠰᠢ ᠭᠠᠷᠬᠤ ᠲᠥᠯᠥᠪᠯᠡᠭᠡ ᠪᠠᠨ ᠵᠦᠢ ᠵᠣᠬᠢᠰᠲᠠᠶ ᠲᠣᠬᠢᠷᠠᠭᠤᠯᠣᠨ᠎ᠠ᠃ ᠥᠷᠭᠡᠨ ᠣᠯᠠᠨ ᠰᠠᠭᠤᠭᠠᠯᠢ ᠠᠷᠠᠳ ᠬᠡᠷᠪᠡ ᠴᠢᠬᠤᠯᠠ ᠦᠭᠡᠢ ᠪᠣᠯ ᠣᠶᠢᠷ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠭᠠᠷᠤᠭᠰᠠᠨ ᠬᠤᠲᠠ ᠪᠤᠶᠤ ᠭᠠᠵᠠᠷ ᠣᠷᠣᠨ ᠳᠤ ᠪᠢᠲᠡᠭᠡᠢ ᠤᠴᠢᠭᠠᠷᠠᠢ᠂ ᠦᠨᠡᠬᠡᠷ ᠣᠴᠢᠬᠤ ᠴᠢᠬᠤᠯᠠ ᠲᠠᠢ ᠪᠣᠯ ᠪᠠᠶᠢᠭ᠎ᠠ ᠨᠢᠭᠡᠴᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠭᠠᠳᠠᠭᠰᠢ ᠭᠠᠷᠬᠤ ᠳᠠᠭᠠᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭ᠎ᠠ ᠨᠢᠮᠪᠠᠢ ᠬᠢᠵᠦ᠂ ᠠᠷᠣ ᠬᠤᠷᠴᠢᠨ ᠳᠤ ᠪᠤᠴᠠᠭᠰᠠᠨ ᠤ ᠳᠠᠷᠠᠭ᠎ᠠ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠬᠦ ᠶᠢᠨ ᠬᠠᠮᠲᠤ 14 ᠡᠳᠦᠷ ᠤᠨ ᠥᠪᠡᠷ ᠤᠨ ᠬᠢᠨᠠᠨ ᠬᠡᠮᠵᠢᠯᠲᠡ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠳᠤ ᠰᠠᠭᠠᠳᠠᠵᠦ ᠪᠠᠶᠢᠭ᠎ᠠ ᠠᠷᠤ ᠬᠤᠷᠴᠢᠨ ᠨᠤᠲᠤᠭᠲᠠᠢ ᠬᠥᠮᠦᠰ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ ᠢᠳᠡᠪᠬᠢᠲᠡᠶ ᠬᠠᠮᠵᠢᠯᠴᠠᠵᠤ᠂ ᠣᠶᠢᠷ᠎ᠠ ᠶᠢᠨ ᠬᠤᠭᠤᠴᠠᠭᠠᠨ ᠳᠤ ᠠᠷᠤ ᠬᠤᠷᠴᠢᠨ ᠬᠤᠰᠢᠭᠤᠨ ᠳᠤ ᠪᠠᠨ ᠪᠤᠴᠠᠬᠤ ᠪᠠᠨ ᠲᠦᠷ ᠬᠤᠶᠢᠰᠢᠯᠠᠭᠤᠯᠬᠤ ᠬᠡᠷᠡᠭᠲᠡᠢ᠃        ᠳᠥᠷᠪᠡ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠪᠥᠬᠦ ᠬᠤᠰᠢᠭᠤᠨ ᠤ ᠬᠤᠳᠠᠯᠳᠤᠭᠠᠨ ᠤ ᠲᠠᠯᠠᠪᠤᠷ ᠴᠢᠯᠦᠭᠡᠲᠦ ᠳᠡᠯᠭᠡᠭᠦᠷ᠂ ᠬᠦᠳᠡᠭᠡ ᠠᠵᠦ ᠠᠬᠤᠢ ᠶᠢᠨ ᠠᠷᠠᠯᠵᠢᠶᠠᠨ ᠤ ᠵᠠᠬ᠎ᠠ᠂ ᠬᠤᠭᠤᠯᠠ ᠤᠮᠳᠠ ᠬᠤᠨᠤᠭ ᠪᠠᠭᠤᠳᠠᠯ᠂ ᠰᠣᠶᠣᠯ ᠴᠡᠩᠬᠡᠭᠦᠨ᠂ ᠡᠮᠴᠢᠯᠡᠭᠡᠨ ᠤ ᠪᠠᠶᠢᠭᠤᠯᠤᠮᠵᠢ ᠵᠡᠷᠭᠡ ᠶᠢᠨ ᠣᠯᠠᠨ ᠨᠡᠶᠢᠲᠡ ᠶᠢᠨ ᠲᠠᠯᠠᠪᠤᠷ ᠵᠢᠴᠢ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ ᠣᠯᠠᠨ ᠨᠡᠶᠢᠲᠡ ᠶᠢᠨ ᠭᠠᠵᠠᠷ ᠲᠤ ᠦᠨᠡᠨ ᠨᠡᠷ᠎ᠡ ᠪᠠᠷ ᠳᠠᠩᠰᠠᠯᠠᠬᠤ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠰᠠᠯᠬᠢ ᠨᠡᠪᠲᠡᠷᠡᠭᠦᠯᠦᠨ ᠴᠡᠪᠡᠷᠯᠡᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃        ᠲᠠᠪᠤ᠂ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠᠨ ᠴᠢᠩᠭᠠᠳᠬᠠᠨ᠎ᠠ᠃ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠪᠠ ᠭᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠠᠯᠠᠭᠤᠷᠠᠬᠤ᠂ ᠬᠠᠭᠤᠷᠠᠶ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠦᠨᠦᠷᠯᠡᠬᠦ ᠰᠡᠷᠡᠯ ᠮᠠᠭᠤᠳᠠᠬᠤ᠂ ᠰᠠᠯᠢᠰᠣᠲᠣ ᠪᠦᠷᠬᠦᠪᠴᠢ ᠶᠢᠨ ᠦᠷᠪᠢᠰᠦᠯ᠂ ᠪᠤᠯᠴᠢᠩ ᠰᠢᠷᠪᠦᠰᠦ ᠡᠪᠡᠳᠬᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠣᠷ᠎ᠠ᠂ ᠲᠡᠷᠡ ᠳᠠᠷᠤᠶ ᠳᠤᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠭᠡᠷᠡᠶ᠃        ᠵᠢᠷᠭᠤᠭ᠎ᠠ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠨ᠎ᠠ᠃ ᠥᠷᠭᠡᠨ ᠤᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢᠶᠠᠨ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠠᠮᠤᠷ ᠲᠦᠪᠰᠢᠨ ᠬᠠᠷᠢᠯᠴᠠᠭᠠᠨ ᠤ ᠵᠠᠢ ᠶᠢ ᠪᠠᠲᠤᠯᠠᠨ᠂ ᠴᠥᠭᠡᠨ ᠴᠤᠭᠯᠠᠷᠠᠬᠤ ᠪᠤᠶᠤ ᠴᠤᠭᠯᠠᠷᠠᠬᠤ ᠦᠭᠡᠢ ᠪᠠᠶᠢᠵᠤ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ︵ᠬᠠᠯᠪᠠᠭ᠎ᠠ︶ ᠪᠠ ᠬᠤᠭᠤᠯᠠ ᠬᠤᠪᠢᠶᠠᠨ ᠲᠣᠰᠠᠭᠠᠷ ᠢᠳᠡᠬᠦ ᠶᠢ ᠰᠠᠨᠠᠭᠠᠴᠢᠯᠠᠨ᠂ ᠬᠥᠮᠦᠨ ᠬᠠᠷ᠎ᠠ ᠨᠢᠭᠲᠠᠷᠠᠭᠰᠠᠨ᠂ ᠨᠢᠭᠲᠠ ᠪᠢᠲᠡᠭᠦᠮᠵᠢ ᠲᠠᠢ ᠪᠤᠶᠤ ᠰᠠᠯᠬᠢ ᠨᠡᠪᠲᠡᠷᠡᠬᠦ ᠥᠬᠡᠶ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠭᠦ ᠬᠡᠷᠡᠭᠲᠡᠢ᠃        ᠲᠤᠯᠤᠭ᠎ᠠ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠸᠠᠺᠼᠢᠨ ᠲᠠᠷᠢᠭᠤᠯᠣᠨ᠎ᠠ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠦ᠂ ᠪᠦᠬᠦ ᠠᠷᠠᠳ ᠤᠨ ᠨᠡᠶᠢᠲᠡ ᠶᠢᠨ ᠡᠭᠡᠯᠢᠯᠡᠭᠡ ᠶᠢᠨ ᠬᠠᠯᠬᠠᠪᠴᠢ ᠶᠢ ᠡᠷᠲᠡᠬᠡᠨ ᠪᠠᠶᠢᠭᠤᠯᠰᠤᠭᠠᠢ᠃ ᠠᠯᠢᠪᠠ ᠪᠥᠬᠦ ᠶᠠᠪᠤᠴᠠ ᠶᠢᠨ ᠲᠠᠷᠢᠯᠭ᠎ᠠ ᠶᠢ ᠪᠡᠶᠡᠯᠡᠭᠦᠯᠦᠭᠡᠳ 6 ᠰᠠᠷ᠎ᠠ ︵ᠢᠳᠡᠪᠬᠢᠵᠢᠯ  ᠢ ᠳᠠᠷᠣᠬᠤ ᠸᠠᠺᠼᠢᠨ ᠤ ᠬᠤᠶᠠᠳᠠᠬᠢ ᠲᠠᠷᠢᠯᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠪᠣᠯᠣᠭᠰᠠᠨ ᠪᠦᠬᠦᠯᠢ 18 ᠨᠠᠰᠤᠨ ᠠᠴᠠ ᠳᠡᠭᠡᠭᠰᠢᠬᠢ ᠬᠥᠮᠥᠰ᠂ ᠪᠡᠶ᠎ᠡ ᠶᠢᠨ ᠦᠨᠡᠮᠯᠡᠯ ᠢᠶᠠᠨ ᠠᠪᠴᠤ᠂ ᠠᠮᠠᠪᠴᠢ ᠪᠠᠨ ᠰᠠᠶᠢᠲᠤᠷ ᠵᠡᠭᠦᠵᠦ ᠲᠣᠭᠲᠠᠭᠰᠠᠨ ᠲᠠᠷᠢᠯᠭ᠎ᠠ ᠶᠢᠨ ᠴᠡᠭ ᠲᠤ ᠬᠦᠷᠴᠦ ᠠᠯᠢ ᠲᠦᠷᠭᠡᠨ ᠢᠶᠠᠷ ︽ᠴᠢᠩᠭᠠᠳᠬᠠᠬᠤ ᠲᠠᠷᠢᠯᠭ᠎ᠠ︾ ᠶᠢ ᠲᠠᠷᠢᠭᠤᠯᠤᠭᠲᠤᠨ᠃                                                  ᠠᠷᠤ ᠬᠤᠷᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ        ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ                       2021 ᠣᠨ ᠤ 10 ᠰᠠᠷ᠎ᠠ ᠶᠢᠨ 19 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号