ᠰᠤᠷᠤᠭᠴᠢᠳ ᠤᠨ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ
ᠨᠡᠶᠢᠲᠡᠯᠡᠭᠰᠡᠨ ᠴᠠᠭ᠄
2021/10/26
ᠬᠦᠯᠢᠶᠡᠨ ᠰᠢᠢᠳᠪᠦᠷᠢᠯᠡᠬᠦ ᠨᠥᠬᠦᠴᠡᠯ        ᠬᠦᠯᠢᠶᠡᠨ ᠠᠪᠴᠤ ᠰᠢᠢᠳᠪᠦᠷᠢᠯᠡᠬᠦ ᠱᠠᠲᠤ ᠦᠶ᠎ᠡ᠄ ᠬᠠᠤᠯᠢ ᠶᠣᠰᠣᠭᠠᠷ ᠬᠦᠯᠢᠶᠡᠨ ᠠᠪᠬᠤ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠯᠦ ᠬᠦᠯᠢᠶᠡᠨ ᠠᠪᠴᠤ ᠰᠢᠢᠳᠪᠦᠷᠢᠯᠡᠬᠦ ᠤᠴᠢᠷ ᠰᠢᠯᠲᠠᠭᠠᠨ ᠪᠤᠶᠤ ᠨᠥᠬᠦᠪᠥᠷᠢᠯᠡᠨ ᠬᠠᠩᠭᠠᠬᠤ ᠴᠢᠬᠤᠯᠠᠲᠠᠢ ᠬᠠᠮᠢᠶ᠎ᠠ ᠪᠦᠬᠦᠢ ᠮᠠᠲ᠋ᠧᠷᠢᠶᠠᠯ ᠤᠨ ᠭᠠᠷᠴᠠᠭ ᠢ ᠨᠢᠭᠡ ᠯᠡ ᠤᠳᠠᠭ᠎ᠠ ᠳᠤ ᠮᠡᠳᠡᠭᠳᠡᠨ᠎ᠡ᠃ 2᠂ ᠬᠢᠨᠠᠨ ᠪᠠᠶᠢᠴᠠᠭᠠᠬᠤ ᠱᠠᠲᠤ᠄ ᠭᠤᠮᠣᠳᠠᠯ ᠲᠣᠭᠠᠴᠢᠯᠲᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠪᠠᠶᠢᠴᠠᠭᠠᠨ᠎ᠠ᠃ 3᠂ ᠲᠣᠭᠲᠠᠭᠠᠯ ᠤᠨ ᠱᠠᠲᠤ ᠦᠶ᠎ᠡ᠄ ᠪᠠᠶᠢᠴᠠᠭᠠᠵᠤ ᠭᠡᠷᠡᠴᠢ ᠠᠪᠤᠭᠰᠠᠨ ᠤ ᠳᠠᠷᠠᠭ᠎ᠠ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠲᠣᠭᠲᠠᠭᠠᠯ ᠤᠨ ᠪᠢᠴᠢᠭ ᠭᠠᠷᠭᠠᠨ᠎ᠠ᠃ 4᠂ ᠬᠦᠷᠭᠡᠬᠦ ᠱᠠᠲᠤ᠄ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠳᠤ ᠭᠤᠮᠣᠳᠠᠯ ᠲᠣᠭᠠᠴᠢᠯᠲᠠ ᠶᠢ ᠰᠢᠢᠳᠪᠦᠷᠢᠯᠡᠭᠰᠡᠨ ᠲᠣᠭᠲᠠᠭᠠᠯ ᠤᠨ ᠪᠢᠴᠢᠭ ᠢ ᠬᠦᠷᠭᠡᠨ᠎ᠡ᠃ 5. ᠬᠡᠷᠡᠭ ᠤᠨ ᠳᠠᠷᠠᠭᠠᠬᠢ ᠬᠠᠮᠢᠶᠠᠷᠤᠯᠲᠠ᠄ ᠰᠢᠢᠳᠪᠦᠷᠢᠯᠡᠬᠦ ᠲᠣᠭᠲᠠᠭᠠᠯ ᠢ ᠱᠠᠯᠠᠪᠳᠠᠨ ᠨᠠᠶᠢᠳᠠᠪᠤᠷᠢᠵᠢᠭᠤᠯᠵᠤ᠂ ᠳᠠᠩᠰᠠᠨ ᠳᠤ ᠣᠷᠣᠭᠤᠯᠬᠤ ᠶᠢᠨ ᠬᠠᠮᠲᠤ ᠳᠠᠩᠰᠠ ᠡᠪᠬᠡᠮᠡᠯ ᠳᠤ ᠬᠠᠳᠠᠭᠠᠯᠠᠨ᠎ᠠ᠃ ᠲᠣᠭᠲᠠᠭᠠᠭᠰᠠᠨ ᠦᠨᠳᠦᠰᠦᠯᠡᠯ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠶᠢᠨ ᠳᠥᠴᠢᠨ ᠬᠤᠶᠠᠳᠤᠭᠠᠷ ᠵᠦᠢᠯ ᠰᠤᠷᠭᠠᠨ ᠬᠥᠮᠦᠵᠢᠯ ᠬᠦᠷᠲᠡᠭᠴᠢᠳ ᠳᠣᠣᠷᠠᠬᠢ ᠡᠷᠬᠡ ᠨᠦᠭᠦᠳ ᠢ ᠡᠳ᠋ᠯᠡᠨ᠎ᠡ᠄ ︵ᠳᠥᠷᠪᠡ︶ ᠰᠤᠷᠭᠠᠭᠤᠯᠢ ᠠᠴᠠ ᠥᠭᠭᠦᠭᠰᠡᠨ ᠰᠢᠢᠳᠬᠡᠯ ᠢ ᠵᠥᠪᠰᠢᠶᠡᠷᠡᠬᠦ ᠦᠭᠡᠶ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠤᠮᠣᠳᠠᠯ ᠲᠣᠭᠠᠴᠢᠬᠤ᠂ ᠰᠤᠷᠭᠠᠭᠤᠯᠢ᠂ ᠪᠠᠭᠰᠢ ᠠᠴᠠ ᠲᠡᠭᠦᠨ ᠤ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ ᠵᠡᠷᠭᠡ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠭᠤᠮᠣᠳᠠᠯ ᠲᠣᠭᠠᠴᠢᠬᠤ ᠪᠤᠶᠤ ᠬᠠᠤᠯᠢ ᠶᠣᠰᠣᠭᠠᠷ ᠵᠠᠭᠠᠯᠳᠤᠯᠭ᠎ᠠ ᠭᠠᠷᠭᠠᠬᠤ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ  ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ 62 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠲᠠᠰᠤᠭ        ᠭᠦᠢᠴᠡᠳᠬᠡᠬᠦ ᠴᠠᠭ  ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号