ᠪᠠᠭᠰᠢ ᠶᠢᠨ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ
ᠨᠡᠶᠢᠲᠡᠯᠡᠭᠰᠡᠨ ᠴᠠᠭ᠄
2021/10/26
ᠬᠦᠯᠢᠶᠡᠨ ᠰᠢᠢᠳᠪᠦᠷᠢᠯᠡᠬᠦ ᠨᠥᠬᠦᠴᠡᠯ        ︽ᠠᠯᠪᠠᠲᠠᠨ ᠤ ᠬᠠᠤᠯᠢ︾ ᠶᠢᠨ ᠲᠠᠪᠢᠨ ᠭᠤᠷᠪᠠᠳᠤᠭᠠᠷ ᠵᠤᠷᠪᠤᠰ᠂ ᠠᠯᠪᠠᠲᠠᠨ ᠡᠷᠬᠡᠪᠰᠢ ᠰᠠᠬᠢᠯᠭ᠎ᠠ ᠪᠠᠲᠤ ᠶᠢ ᠰᠠᠬᠢᠬᠤ ᠬᠡᠷᠡᠭᠲᠡᠶ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ᠄ ︵ᠨᠢᠭᠡ︶ ᠤᠯᠤᠰ ᠤᠨ ᠨᠡᠷ᠎ᠡ ᠬᠦᠨᠳᠦ ᠶᠢ ᠭᠤᠲᠤᠭᠠᠬᠤ ᠦᠭᠡ ᠶᠠᠷᠢᠶ᠎ᠠ ᠶᠢ ᠲᠠᠷᠬᠠᠭᠠᠵᠤ᠂ ᠲᠦᠷᠦ ᠶᠢ ᠡᠰᠡᠷᠭᠦᠴᠡᠬᠦ ᠪᠠᠷ ᠵᠣᠷᠢᠯᠭ᠎ᠠ ᠪᠣᠯᠭᠠᠭᠰᠠᠨ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠬᠤ᠃ ︵ᠬᠤᠶᠠᠷ︶ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ᠂ ᠠᠵᠢᠯ ᠬᠠᠶᠠᠯᠲᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ᠃ ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠠᠵᠢᠯ ᠠᠴᠠ ᠰᠠᠭᠠᠲᠠᠬᠤ᠃ ︵ᠲᠦᠷᠪᠡ︶ ᠳᠡᠭᠡᠳᠦ ᠱᠠᠲᠤᠨ ᠤ ᠬᠠᠤᠯᠢ ᠶᠣᠰᠣᠭᠠᠷ ᠭᠠᠷᠭᠠᠭᠰᠠᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠬᠦ ᠤᠢᠭᠡᠢ ᠪᠠᠶᠢᠬᠤ᠃ ︵ᠲᠠᠪᠤ︶ ᠰᠢᠭᠦᠮᠵᠢᠯᠡᠯ ᠢ ᠬᠠᠪᠴᠢᠨ ᠳᠠᠷᠤᠵᠤ᠂ ᠴᠣᠬᠢᠯᠲᠠ ᠥᠭᠴᠦ ᠬᠠᠷᠢᠭᠤ ᠠᠪᠬᠤ᠃ ︵ᠵᠢᠷᠭᠤᠭ᠎ᠠ︶ ᠬᠤᠳᠠᠯ ᠬᠠᠭᠤᠷᠮᠠᠭ ᠢᠶᠠᠷ ᠵᠣᠬᠢᠶᠠᠵᠤ᠂ ᠤᠳᠤᠷᠢᠳᠤᠯᠭ᠎ᠠ ᠪᠠ ᠤᠯᠡᠠ ᠨᠡᠶᠢᠲᠡ ᠶᠢ ᠪᠤᠷᠤᠭᠤ ᠪᠠᠷ ᠬᠥᠲᠥᠯᠵᠦ᠂ ᠮᠡᠬᠡᠯᠡᠬᠦ᠃ ︵ᠲᠤᠯᠤᠭ᠎ᠠ︶ ᠱᠠᠮᠰᠢᠬᠤ᠂ ᠬᠡᠭᠡᠯᠢ ᠲᠦᠯᠬᠢᠬᠦ᠂ ᠬᠡᠭᠡᠯᠢ ᠢᠳᠡᠬᠦ᠂ ᠡᠷᠬᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠪᠡᠶ᠎ᠡ ᠳᠡᠭᠡᠨ ᠪᠤᠶᠤ ᠪᠤᠰᠤᠳ ᠲᠤ ᠬᠤᠪᠢ ᠶᠢᠨ ᠠᠰᠢᠭ ᠣᠯᠭᠤᠬᠤ᠃ ︵ᠨᠠᠢᠮᠠ︶ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠵᠦ᠂ ᠤᠯᠤᠰ ᠤᠨ ᠡᠳ᠋ ᠬᠦᠷᠦᠩᠭᠡ ᠶᠢ ᠪᠦᠷᠢᠯᠭᠡᠬᠦ᠃ ︵ᠶᠢᠰᠦ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠃ ︵ᠠᠷᠪᠠ︶ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ᠃ ︵ᠠᠷᠪᠠᠨ ᠨᠢᠭᠡ︶ ᠭᠠᠳᠠᠭᠠᠳᠤ ᠲᠠᠢ ᠬᠠᠷᠢᠯᠴᠠᠬᠤ ᠳᠠᠭᠠᠨ ᠤᠯᠤᠰ ᠣᠷᠣᠨ ᠤ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠬᠤ᠃ ︵ᠠᠷᠪᠠᠨ ᠬᠤᠶᠠᠷ︶ ᠱᠠᠯᠢᠭ ᠵᠠᠪᠬᠠᠶ᠂ ᠬᠤᠣᠷ ᠡᠳ᠋ᠯᠡᠬᠦ᠂ ᠵᠣᠭᠤᠰ ᠨᠠᠭᠠᠳᠬᠤ᠂ ᠮᠤᠬᠤᠷ ᠪᠢᠰᠢᠷᠡᠯ ᠢ ᠰᠢᠲᠦᠬᠦ ᠵᠡᠷᠭᠡ ᠠᠵᠢᠯᠯᠠᠭ᠎ᠠ ᠳᠤ ᠣᠷᠣᠯᠴᠠᠬᠤ ᠪᠤᠶᠤ ᠲᠡᠭᠦᠨ ᠢ ᠳᠡᠮᠵᠢᠬᠦ᠃ ︵ᠠᠷᠪᠠᠨ ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠥᠷᠢᠴᠡᠭᠰᠡᠨ᠃ ︵ᠠᠷᠪᠠᠨ ᠲᠦᠷᠪᠡ︶ ᠠᠰᠢᠭ ᠬᠤᠨᠵᠢᠪᠣᠷᠢ ᠤᠯᠬᠤ ᠴᠢᠨᠠᠷᠲᠠᠶ ᠠᠵᠢᠯᠯᠠᠭ᠎ᠠ ᠬᠢᠬᠦ ᠪᠤᠶᠤ ᠲᠡᠭᠦᠨ ᠳᠤ ᠣᠷᠣᠯᠴᠠᠵᠤ᠂ ᠠᠵᠤ ᠠᠬᠤᠶᠢᠯᠠᠯ ᠪᠤᠶᠤ ᠠᠰᠢᠭ ᠬᠤᠨᠵᠢᠪᠣᠷᠢ ᠤᠯᠬᠤ ᠴᠢᠨᠠᠷᠲᠠᠶ ᠪᠤᠰᠤᠳ ᠵᠣᠬᠢᠶᠠᠨ ᠪᠠᠶᠢᠭᠤᠯᠤᠯᠲᠠ ᠳᠤ ᠲᠤᠰᠢᠶᠠᠯ ᠬᠠᠪᠰᠤᠷᠭᠠᠨ ᠡᠭᠦᠷᠭᠡᠯᠡᠬᠦ᠃ ︵ᠠᠷᠪᠠᠨ ᠲᠠᠪᠤ︶ ᠠᠵᠢᠯ ᠠᠴᠠ ᠰᠠᠭᠠᠲᠠᠬᠤ ᠪᠤᠶᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ᠂ ᠴᠢᠯᠥᠭᠡ ᠭᠤᠶᠤᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠡᠰᠡ ᠬᠠᠷᠢᠬᠤ᠃ ︵ᠠᠷᠪᠠᠨ ᠵᠢᠷᠭᠤᠭ᠎ᠠ︶ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ ︽ᠠᠯᠪᠠᠲᠠᠨ ᠤ ᠬᠠᠤᠯᠢ︾ ᠶᠢᠨ ᠲᠠᠪᠢᠨ ᠲᠠᠪᠤᠳᠤᠭᠠᠷ ᠵᠤᠷᠪᠤᠰ᠂ ᠠᠯᠪᠠᠲᠠᠨ ᠤ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠴᠠ ᠪᠤᠯᠵᠤ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠡᠭᠦᠷᠭᠡᠯᠡᠬᠦ ᠶᠣᠰᠣᠲᠠᠶ ᠪᠠᠶᠢᠪᠠᠯ᠂ ᠲᠤᠰ ᠬᠠᠤᠯᠢ ᠶᠢᠨ ᠶᠣᠰᠣᠭᠠᠷ ᠰᠢᠳᠬᠡᠯ ᠥᠭᠭᠦᠨ᠎ᠡ᠃ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠬᠥᠩᠭᠡᠪᠲᠦᠷ ᠪᠠᠶᠢᠵᠤ᠂ ᠰᠢᠭᠦᠮᠵᠢᠯᠡᠨ ᠰᠤᠷᠭᠠᠭᠰᠠᠨ ᠤ ᠳᠠᠷᠠᠭ᠎ᠠ ᠵᠠᠯᠠᠷᠠᠭᠤᠯᠤᠭᠰᠠᠨ ᠪᠠᠶᠢᠪᠠᠯ ᠰᠢᠳᠬᠡᠯ ᠠᠴᠠ ᠬᠡᠯᠲᠦᠷᠢᠭᠦᠯᠵᠦ ᠪᠣᠯᠤᠨ᠎ᠠ᠃ ︽ᠠᠯᠪᠠᠲᠠᠨ ᠤ ᠬᠠᠤᠯᠢ︾ ᠶᠢᠨ ᠲᠠᠪᠢᠨ ᠭᠤᠷᠪᠠᠳᠤᠭᠠᠷ ᠵᠦᠢᠯ ᠠᠯᠪᠠᠲᠠᠨ ᠡᠷᠬᠡᠪᠰᠢ ᠰᠠᠬᠢᠯᠭ᠎ᠠ ᠪᠠᠲᠤ ᠶᠢ ᠰᠠᠬᠢᠬᠤ ᠬᠡᠷᠡᠭᠲᠡᠶ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ᠄ ︵ᠨᠢᠭᠡ︶ ᠤᠯᠤᠰ ᠤᠨ ᠨᠡᠷ᠎ᠡ ᠬᠦᠨᠳᠦ ᠶᠢ ᠭᠤᠲᠤᠭᠠᠬᠤ ᠦᠭᠡ ᠶᠠᠷᠢᠶ᠎ᠠ ᠶᠢ ᠲᠠᠷᠬᠠᠭᠠᠵᠤ᠂ ᠲᠦᠷᠦ ᠶᠢ ᠡᠰᠡᠷᠭᠦᠴᠡᠬᠦ ᠪᠠᠷ ᠵᠣᠷᠢᠯᠭ᠎ᠠ ᠪᠣᠯᠭᠠᠭᠰᠠᠨ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ᠃ ︵ᠬᠤᠶᠠᠷ︶ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ᠂ ᠠᠵᠢᠯ ᠬᠠᠶᠠᠯᠲᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ᠃ ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠠᠵᠢᠯ ᠠᠴᠠ ᠰᠠᠭᠠᠲᠠᠬᠤ᠃ ︵ᠲᠦᠷᠪᠡ︶ ᠳᠡᠭᠡᠳᠦ ᠱᠠᠲᠤᠨ ᠤ ᠬᠠᠤᠯᠢ ᠶᠣᠰᠣᠭᠠᠷ ᠭᠠᠷᠭᠠᠭᠰᠠᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠬᠦ ᠤᠢᠭᠡᠢ ᠪᠠᠶᠢᠬᠤ᠃ ︵ᠲᠠᠪᠤ︶ ᠰᠢᠭᠦᠮᠵᠢᠯᠡᠯ ᠢ ᠬᠠᠪᠴᠢᠨ ᠳᠠᠷᠤᠵᠤ᠂ ᠴᠣᠬᠢᠯᠲᠠ ᠥᠭᠴᠦ ᠬᠠᠷᠢᠭᠤ ᠠᠪᠬᠤ᠃ ︵ᠵᠢᠷᠭᠤᠭ᠎ᠠ︶ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠵᠤ᠂ ᠤᠳᠤᠷᠢᠳᠤᠯᠭ᠎ᠠ ᠪᠠ ᠤᠯᠡᠠ ᠨᠡᠶᠢᠲᠡ ᠶᠢ ᠪᠤᠷᠤᠭᠤ ᠪᠠᠷ ᠬᠥᠲᠥᠯᠵᠦ᠂ ᠮᠡᠬᠡᠯᠡᠬᠦ᠃ ︵ᠲᠤᠯᠤᠭ᠎ᠠ︶ ᠱᠠᠮᠰᠢᠬᠤ᠂ ᠬᠡᠭᠡᠯᠢ ᠲᠦᠯᠬᠢᠬᠦ᠂ ᠬᠡᠭᠡᠯᠢ ᠢᠳᠡᠬᠦ᠂ ᠡᠷᠬᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠪᠡᠶ᠎ᠡ ᠳᠡᠭᠡᠨ ᠪᠤᠶᠤ ᠪᠤᠰᠤᠳ ᠲᠤ ᠬᠤᠪᠢ ᠶᠢᠨ ᠠᠰᠢᠭ ᠣᠯᠭᠤᠬᠤ᠃ ︵ᠨᠠᠢᠮᠠ︶ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠵᠦ᠂ ᠤᠯᠤᠰ ᠤᠨ ᠡᠳ᠋ ᠬᠦᠷᠦᠩᠭᠡ ᠶᠢ ᠪᠦᠷᠢᠯᠭᠡᠬᠦ᠃ ︵ᠶᠢᠰᠦ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠃ ︵ᠠᠷᠪᠠ︶ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ᠃ ︵ᠠᠷᠪᠠᠨ ᠨᠢᠭᠡ︶ ᠭᠠᠳᠠᠭᠠᠳᠤ ᠲᠠᠢ ᠬᠠᠷᠢᠯᠴᠠᠬᠤ ᠳᠠᠭᠠᠨ ᠤᠯᠤᠰ ᠣᠷᠣᠨ ᠤ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠬᠤ᠃ ︵ᠠᠷᠪᠠᠨ ᠬᠤᠶᠠᠷ︶ ᠱᠠᠯᠢᠭ ᠵᠠᠪᠬᠠᠶ᠂ ᠬᠤᠣᠷ ᠡᠳ᠋ᠯᠡᠬᠦ᠂ ᠵᠣᠭᠤᠰ ᠨᠠᠭᠠᠳᠬᠤ᠂ ᠮᠤᠬᠤᠷ ᠪᠢᠰᠢᠷᠡᠯ ᠢ ᠰᠢᠲᠦᠬᠦ ᠵᠡᠷᠭᠡ ᠠᠵᠢᠯᠯᠠᠭ᠎ᠠ ᠳᠤ ᠣᠷᠣᠯᠴᠠᠬᠤ ᠪᠤᠶᠤ ᠲᠡᠭᠦᠨ ᠢ ᠳᠡᠮᠵᠢᠬᠦ᠃ ︵ᠠᠷᠪᠠᠨ ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠥᠷᠢᠴᠡᠭᠰᠡᠨ᠃ ︵ᠠᠷᠪᠠᠨ ᠲᠦᠷᠪᠡ︶ ᠠᠰᠢᠭ ᠬᠤᠨᠵᠢᠪᠣᠷᠢ ᠤᠯᠬᠤ ᠴᠢᠨᠠᠷᠲᠠᠶ ᠠᠵᠢᠯᠯᠠᠭ᠎ᠠ ᠬᠢᠬᠦ ᠪᠤᠶᠤ ᠲᠡᠭᠦᠨ ᠳᠤ ᠣᠷᠣᠯᠴᠠᠵᠤ᠂ ᠠᠵᠤ ᠠᠬᠤᠶᠢᠯᠠᠯ ᠪᠤᠶᠤ ᠠᠰᠢᠭ ᠬᠤᠨᠵᠢᠪᠣᠷᠢ ᠤᠯᠬᠤ ᠴᠢᠨᠠᠷᠲᠠᠶ ᠪᠤᠰᠤᠳ ᠵᠣᠬᠢᠶᠠᠨ ᠪᠠᠶᠢᠭᠤᠯᠤᠯᠲᠠ ᠳᠤ ᠲᠤᠰᠢᠶᠠᠯ ᠬᠠᠪᠰᠤᠷᠭᠠᠨ ᠡᠭᠦᠷᠭᠡᠯᠡᠬᠦ᠃ ︵ᠠᠷᠪᠠᠨ ᠲᠠᠪᠤ︶ ᠠᠵᠢᠯ ᠠᠴᠠ ᠰᠠᠭᠠᠲᠠᠬᠤ ᠪᠤᠶᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ᠂ ᠴᠢᠯᠥᠭᠡ ᠭᠤᠶᠤᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠡᠰᠡ ᠬᠠᠷᠢᠬᠤ᠃ ︵ᠠᠷᠪᠠᠨ ᠵᠢᠷᠭᠤᠭ᠎ᠠ︶ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ ︽ᠠᠯᠪᠠᠲᠠᠨ ᠤ ᠬᠠᠤᠯᠢ︾ ᠶᠢᠨ ᠲᠠᠪᠢᠨ ᠲᠠᠪᠤᠳᠤᠭᠠᠷ ᠵᠤᠷᠪᠤᠰ᠂ ᠠᠯᠪᠠᠲᠠᠨ ᠤ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠴᠠ ᠪᠤᠯᠵᠤ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠡᠭᠦᠷᠭᠡᠯᠡᠬᠦ ᠶᠣᠰᠣᠲᠠᠶ ᠪᠠᠶᠢᠪᠠᠯ᠂ ᠲᠤᠰ ᠬᠠᠤᠯᠢ ᠶᠢᠨ ᠶᠣᠰᠣᠭᠠᠷ ᠰᠢᠳᠬᠡᠯ ᠥᠭᠭᠦᠨ᠎ᠡ᠃ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠬᠥᠩᠭᠡᠪᠲᠦᠷ ᠪᠠᠶᠢᠵᠤ᠂ ᠰᠢᠭᠦᠮᠵᠢᠯᠡᠨ ᠰᠤᠷᠭᠠᠭᠰᠠᠨ ᠤ ᠳᠠᠷᠠᠭ᠎ᠠ ᠵᠠᠯᠠᠷᠠᠭᠤᠯᠤᠭᠰᠠᠨ ᠪᠠᠶᠢᠪᠠᠯ ᠰᠢᠳᠬᠡᠯ ᠠᠴᠠ ᠬᠡᠯᠲᠦᠷᠢᠭᠦᠯᠵᠦ ᠪᠣᠯᠤᠨ᠎ᠠ᠃ ᠲᠣᠭᠲᠠᠭᠠᠭᠰᠠᠨ ᠦᠨᠳᠦᠰᠦᠯᠡᠯ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾ ᠶᠢᠨ ᠭᠤᠴᠢ ᠶᠢᠰᠦᠳᠦᠭᠡᠷ ᠵᠤᠷᠪᠤᠰ᠂ ᠰᠤᠷᠭᠠᠭᠤᠯᠢ ᠪᠤᠶᠤ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ᠂ ᠡᠰᠡᠬᠦᠯ᠎ᠡ ᠰᠤᠷᠭᠠᠭᠤᠯᠢ ᠪᠤᠶᠤ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠭᠠᠷᠭᠠᠭᠰᠠᠨ ᠰᠢᠢᠳᠪᠦᠷᠢ ᠶᠢ ᠵᠥᠪᠰᠢᠶᠡᠷᠡᠬᠦ ᠥᠬᠡᠶ ᠪᠣᠯ ᠪᠠᠭᠰᠢ ᠠᠴᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠮᠣᠳᠠᠯ ᠲᠣᠭᠠᠴᠢᠵᠤ ᠪᠣᠯᠤᠨ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠮᠣᠳᠠᠯ ᠲᠣᠭᠠᠴᠢᠯᠲᠠ ᠶᠢ ᠭᠥᠯᠢᠶᠡᠨ ᠠᠪᠤᠭᠰᠠᠨ ᠤ ᠳᠠᠷᠠᠭ᠎ᠠ ᠭᠤᠴᠢᠨ ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠶ᠃ ᠪᠠᠭᠰᠢ ᠠᠴᠠ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠡᠭᠦᠨ ᠤ ᠲᠤᠰ ᠬᠠᠤᠯᠢ ᠶᠢᠨ ᠲᠣᠭᠲᠠᠭᠠᠯ ᠢ ᠦᠨᠳᠦᠰᠦᠯᠡᠭᠰᠡᠨ ᠡᠳ᠋ᠯᠡᠬᠦ ᠡᠷᠬᠡ ᠳᠤ ᠬᠠᠯᠳᠠᠭᠰᠠᠨ ᠭᠡᠵᠦ ᠦᠵᠡᠪᠡᠯ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠤᠮᠣᠳᠠᠯ ᠲᠣᠭᠠᠴᠢᠵᠤ ᠪᠣᠯᠤᠨ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠢᠳᠪᠦᠷᠢᠯᠡᠬᠦ ᠬᠡᠷᠡᠭᠲᠡᠶ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ 62 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠲᠠᠰᠤᠭ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号