ᠬᠠᠨᠳᠢᠪ ᠴᠤᠭᠯᠠᠭᠤᠯᠬᠤ ᠲᠥᠰᠦᠯ ᠳᠤ ᠲᠣᠭᠲᠠᠭᠠᠭᠰᠠᠨ ᠬᠠᠨᠳᠢᠪᠯᠠᠭᠰᠠᠨ ᠡᠳ᠋ ᠬᠦ᠋ᠷᠦᠩᠭᠡ ᠶᠢᠨ ᠬᠡᠷᠡᠭᠯᠡᠯᠲᠡ ᠶᠢ ᠬᠤᠪᠢᠷᠠᠭᠤᠯᠬᠤ ᠳᠠᠩᠰᠠᠯᠠᠭᠤᠯᠤᠯᠲᠠ
ᠨᠡᠶᠢᠲᠡᠯᠡᠭᠰᠡᠨ ᠴᠠᠭ᠄
2021/10/26
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2 . ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠲᠤᠰᠢᠶᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ     ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠦᠢᠯᠡᠰ ᠤᠨ ᠬᠠᠤᠯᠢ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ ᠳᠥᠴᠢᠨ ᠭᠤᠷᠪᠠᠳᠤᠭᠠᠷ ᠲᠣᠭᠠᠲᠤ︶ ᠲᠠᠪᠢᠨ ᠲᠠᠪᠤᠳᠤᠭᠠᠷ ᠵᠤᠷᠪᠤᠰ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠨᠢᠭᠦᠯᠡᠰᠦᠩᠭᠦᠶ ᠶᠢᠨ ᠠᠵᠢᠯᠯᠠᠭ᠎ᠠ ᠥᠷᠨᠢᠭᠦᠯᠬᠦ ᠳᠡᠭᠡᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠤᠨ ᠲᠣᠭᠲᠠᠭᠠᠯ ᠶᠣᠰᠣᠭᠠᠷ᠂ ᠬᠠᠨᠳᠢᠪ ᠴᠤᠭᠯᠠᠭᠤᠯᠬᠤ ᠲᠥᠰᠦᠯ ᠪᠤᠶᠤ ᠬᠠᠨᠳᠢᠪᠯᠠᠨ ᠬᠦᠷᠭᠡᠬᠦ ᠬᠡᠯᠡᠯᠴᠡᠭᠡᠷ ᠶᠣᠰᠣᠭᠠᠷ ᠬᠠᠨᠳᠢᠪᠯᠠᠨ ᠬᠦᠷᠭᠡᠭᠰᠡᠨ ᠡᠳ᠋ ᠬᠥᠷᠤᠩᠭᠡ ᠶᠢ ᠬᠡᠷᠡᠭᠯᠡᠬᠦ ᠬᠡᠷᠡᠭᠲᠡᠶ᠃ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠬᠠᠨᠳᠢᠪ ᠴᠤᠭᠯᠠᠭᠤᠯᠬᠤ ᠲᠥᠰᠦᠯ ᠳᠤ ᠲᠣᠭᠲᠠᠭᠠᠭᠰᠠᠨ ᠬᠠᠨᠳᠢᠪᠯᠠᠨ ᠬᠦᠷᠭᠡᠬᠦ ᠡᠳ᠋ ᠬᠦᠷᠦᠩᠭᠡ ᠶᠢᠨ ᠬᠡᠷᠡᠭᠴᠡᠭᠡ ᠶᠢ ᠦᠨᠡᠬᠡᠷ ᠬᠤᠪᠢᠷᠠᠭᠤᠯᠬᠤ ᠴᠢᠬᠤᠯᠠᠲᠠᠶ ᠪᠠᠶᠢᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ ᠬᠠᠨᠳᠢᠪᠯᠠᠨ ᠬᠦᠷᠭᠡᠬᠦ ᠬᠡᠯᠡᠯᠴᠡᠭᠡᠷ ᠲᠤ ᠪᠣᠯᠵᠣᠨ ᠲᠣᠭᠲᠠᠭᠰᠠᠨ ᠬᠠᠨᠳᠢᠪᠯᠠᠨ ᠬᠦᠷᠭᠡᠬᠦ ᠡᠳ᠋ ᠬᠦᠷᠦᠩᠭᠡ ᠶᠢᠨ ᠬᠡᠷᠡᠭᠴᠡᠭᠡ ᠶᠢ ᠦᠨᠡᠬᠡᠷ ᠬᠤᠪᠢᠷᠠᠭᠤᠯᠬᠤ ᠴᠢᠬᠤᠯᠠᠲᠠᠶ ᠪᠠᠶᠢᠪᠠᠯ᠂ ᠬᠠᠨᠳᠢᠪᠯᠠᠨ ᠬᠦᠷᠭᠡᠭᠴᠢ ᠶᠢᠨ ᠵᠥᠪᠰᠢᠶᠡᠷᠡᠯ ᠢ ᠤᠯᠬᠤ ᠬᠡᠷᠡᠭᠲᠡᠶ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠤᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠦ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号