ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ︔ | 2. ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠬᠦ᠃ | ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ ᠭᠤᠶᠤᠴᠢᠯᠠᠭᠴᠢ ᠨᠢ ᠳᠡᠭᠡᠷᠡᠬᠢ ᠨᠥᠬᠦᠴᠡᠯ ᠳᠤ ᠨᠡᠶᠢᠴᠡᠬᠦ | ᠦᠭᠡᠢ᠂ ᠡᠰᠡᠬᠦᠯ᠎ᠡ ᠨᠥᠬᠦᠴᠡᠯ ᠳᠤ ᠨᠡᠶᠢᠴᠡᠬᠦ ᠶᠢ ᠭᠦᠢᠴᠡᠳ ᠭᠡᠷᠡᠴᠢᠯᠡᠵᠦ ᠳᠡᠶᠢᠯᠬᠦ ᠬᠤᠯᠪᠣᠭᠳᠠᠯ ᠪᠦᠬᠦᠢ ᠭᠡᠷᠡᠴᠢᠯᠡᠬᠦ | ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠬᠤᠲᠠ ᠶᠢᠨ ᠤᠰᠤ ᠬᠠᠩᠭᠠᠬᠤ ᠳᠦᠷᠢᠮ︾ ︵ | ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 158 ᠳ᠋ᠤᠭᠠᠷ ᠲᠣᠭᠠᠲᠤ︶ | ᠬᠤᠷᠢᠨ ᠬᠤᠶᠠᠳᠤᠭᠠᠷ ᠵᠤᠷᠪᠤᠰ᠂ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠬᠤᠪᠢ ᠶᠢᠨ | ᠪᠠᠶᠢᠭᠤᠯᠤᠭᠰᠠᠨ ᠲᠥᠬᠦᠭᠡᠷᠦᠮᠵᠢ ᠪᠠᠷ ᠢᠶᠠᠨ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠤᠳ ᠳᠠᠰᠤᠷᠠᠯᠳᠠ | ᠦᠭᠡᠢ ᠤᠰᠤ ᠬᠠᠩᠭᠠᠬᠤ ᠶᠢ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠠᠵᠢᠯ ᠬᠢᠬᠦ᠂ ᠲᠣᠨᠤᠭ ᠲᠥᠬᠦᠭᠡᠷᠦᠮᠵᠢ ᠶᠢ | ᠰᠡᠯᠪᠢᠨ ᠵᠠᠰᠠᠬᠤ ᠵᠡᠷᠭᠡ ᠰᠢᠯᠲᠠᠭᠠᠨ ᠠᠴᠠ ᠪᠣᠯᠵᠤ ᠤᠰᠤ ᠬᠠᠩᠭᠠᠬᠤ ᠶᠢ ᠦᠨᠡᠬᠡᠷ ᠵᠣᠭᠰᠣᠭᠠᠬᠤ ᠴᠢᠬᠤᠯᠠ ᠲᠠᠢ ᠪᠣᠯ | ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠶᠢᠨ ᠬᠠᠮᠲᠤ 24 ᠴᠠᠭ ᠤᠨ ᠡᠮᠦᠨ᠎ᠡ ᠤᠰᠤ ᠬᠡᠷᠡᠭᠯᠡᠬᠦ ᠨᠢᠭᠡᠴᠡ ᠪᠠ ᠬᠤᠪᠢ ᠬᠥᠮᠦᠨ ᠳᠤ | ᠮᠡᠳᠡᠭᠳᠡᠬᠦ ᠬᠡᠷᠡᠭᠲᠡᠶ᠂ ᠭᠠᠮᠰᠢᠭ ᠪᠤᠶᠤ ᠪᠠᠴᠢᠮ ᠬᠡᠷᠡᠭ ᠭᠠᠷᠤᠭᠰᠠᠨ ᠠᠴᠠ ᠪᠣᠯᠵᠣ ᠤᠷᠢᠳᠴᠢᠯᠠᠨ ᠮᠡᠳᠡᠭᠳᠡᠵᠦ ᠳᠡᠶᠢᠯᠬᠦ | ᠥᠬᠡᠶ ᠪᠣᠯ ᠵᠠᠪᠳᠤᠨ ᠵᠠᠰᠠᠬᠤ ᠶᠢᠨ ᠬᠠᠮᠲᠤ ᠤᠰᠤ ᠬᠡᠷᠡᠭᠯᠡᠬᠦ ᠨᠢᠭᠡᠴᠡ ᠪᠠ ᠬᠤᠪᠢ ᠬᠥᠮᠦᠨ ᠳᠤ ᠮᠡᠳᠡᠭᠳᠡᠵᠦ᠂ | ᠬᠡᠪ ᠤᠨ ᠤᠰᠤᠨ ᠤ ᠬᠠᠩᠭᠠᠯᠭ᠎ᠠ ᠶᠢ ᠠᠯᠢ ᠲᠦᠷᠭᠡᠨ ᠢᠶᠠᠷ ᠰᠡᠷᠭᠦᠭᠡᠬᠦ ᠶᠢᠨ ᠬᠠᠮᠲᠤ ᠬᠤᠲᠠ ᠶᠢᠨ ᠤᠰᠤ ᠬᠠᠩᠭᠠᠬᠤ | ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ︽ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾ ︵ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠵᠠᠷᠯᠢᠭ 583 ᠳ᠋ᠤᠭᠠᠷ ᠲᠣᠭᠠᠲᠤ︶ ᠤᠨ ᠬᠤᠷᠢᠳᠤᠭᠠᠷ ᠵᠤᠷᠪᠤᠰ᠂ ᠰᠢᠲᠠᠮᠠᠬᠠᠶ ᠬᠡᠶ ᠶᠢᠨ | ᠡᠵᠡᠩᠨᠡᠭᠴᠢ ᠠᠵᠢᠯ ᠢᠶᠠᠨ ᠵᠣᠭᠰᠣᠭᠠᠬᠤ᠂ ᠠᠵᠢᠯ ᠵᠠᠪᠰᠠᠷᠯᠠᠬᠤ ᠳᠤ ᠭᠦᠷᠪᠡᠯ᠂ ᠲᠡᠭᠦᠨ ᠤ ᠰᠢᠲᠠᠮᠠᠬᠠᠶ ᠬᠡᠶ ᠬᠠᠩᠭᠠᠬᠤ | ᠬᠡᠪᠴᠢᠶᠡᠨ ᠳᠠᠬᠢ ᠰᠢᠲᠠᠮᠠᠬᠠᠶ ᠬᠡᠶ ᠶᠢᠨ ᠬᠡᠷᠡᠭᠯᠡᠭᠴᠢ ᠶᠢᠨ ᠬᠡᠪ ᠤᠨ ᠬᠡᠷᠡᠭᠯᠡᠭᠡᠨ ᠤ ᠬᠡᠶ ᠶᠢ ᠤᠷᠢᠳᠠᠪᠠᠷ ᠲᠣᠬᠢᠲᠠᠶ | ᠲᠣᠬᠢᠷᠠᠭᠤᠯᠬᠤ ᠶᠢᠨ ᠬᠠᠮᠲᠤ 90 ᠠᠵᠢᠯ ᠤᠨ ᠡᠳᠦᠷ ᠠᠴᠠ ᠡᠮᠦᠨ᠎ᠡ ᠪᠠᠶᠢᠭ᠎ᠠ ᠭᠠᠵᠠᠷ ᠤᠨ ᠢᠶᠠᠨ ᠰᠢᠲᠠᠮᠠᠬᠠᠶ ᠬᠡᠶ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠵᠥᠪᠰᠢᠶᠡᠷᠡᠭᠦᠯᠦᠭᠰᠡᠨ ᠤ ᠳᠠᠷᠠᠭ᠎ᠠ ᠠᠵᠢᠯ ᠢᠶᠠᠨ | ᠵᠣᠭᠰᠣᠭᠠᠵᠤ᠂ ᠠᠵᠢᠯ ᠢᠶᠠᠨ ᠵᠠᠪᠰᠠᠷᠯᠠᠵᠤ ᠪᠣᠯᠤᠨ᠎ᠠ᠃ ︽ᠬᠤᠳᠠ ᠶᠢᠨ ᠤᠰᠤ ᠬᠠᠩᠭᠠᠬᠤ ᠲᠦᠷᠢᠮ︾ ᠤᠨ | ᠭᠤᠴᠢᠳᠤᠭᠠᠷ ᠵᠤᠷᠪᠤᠰ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠠᠴᠠ ᠪᠤᠯᠵᠤ ᠬᠤᠳᠠ ᠶᠢᠨ ᠤᠯᠠᠨ ᠨᠡᠶᠢᠲᠡ ᠶᠢᠨ | ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠤᠭᠰᠠᠷᠠᠬᠤ᠂ ᠨᠤᠷᠠᠭᠠᠬᠤ ᠪᠤᠶᠤ ᠨᠡᠭᠦᠯᠭᠡᠨ ᠰᠢᠯᠵᠢᠭᠦᠯᠬᠦ | ᠴᠢᠬᠤᠯᠠᠲᠠᠶ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠬᠤᠳᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠪᠣᠯᠤᠨ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠲᠣᠬᠢᠷᠠᠯᠴᠠᠭᠰᠠᠨ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠤᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 43 ᠳ᠋ᠤᠭᠠᠷ | ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |