ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠬᠠᠮᠢᠶᠠᠷᠤᠯᠲᠠ ᠶᠢᠨ ᠵᠠᠷᠤᠳᠠᠯ ᠵᠠᠭᠤᠨ ᠤ ᠠᠷᠪᠠ ᠠᠴᠠ ᠬᠡᠲᠦᠷᠡᠭᠰᠡᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/10/27
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2 .ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠲᠤᠰᠢᠶᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ ︵ᠬᠤᠶᠠᠷ︶ ᠥᠯᠥ  ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠥᠭᠡᠢ᠃      ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠦᠢᠯᠡᠰ ᠤᠨ ᠬᠠᠤᠯᠢ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ ᠳᠥᠴᠢᠨ ᠭᠤᠷᠪᠠᠳᠤᠭᠠᠷ ᠲᠣᠭᠠᠲᠤ︶ ᠵᠢᠷᠠᠳᠤᠭᠠᠷ ᠵᠤᠷᠪᠤᠰ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠨᠢᠭᠦᠯᠡᠰᠦᠩᠭᠦᠶ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠢᠭᠦᠯᠡᠰᠦᠩᠭᠦᠶ ᠦᠢᠯᠡᠰ ᠤᠨ ᠡᠳ᠋ ᠬᠥᠷᠤᠩᠭᠡ ᠶᠢ ᠭᠦᠢᠴᠡᠳ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢᠨ ᠬᠠᠮᠲᠤ ᠬᠠᠮᠢᠶᠠᠷᠤᠯᠲᠠ ᠶᠢᠨ ᠵᠠᠷᠤᠳᠠᠯ ᠢ ᠬᠠᠮᠤᠭ ᠤᠨ ᠴᠢᠬᠤᠯᠠᠲᠠᠶ  ᠭᠠᠵᠠᠷ ᠵᠠᠷᠤᠬᠤ ᠵᠠᠷᠴᠢᠮ ᠢ ᠵᠢᠷᠤᠮᠯᠠᠨ᠂ ᠰᠠᠶᠢᠲᠤᠷ ᠠᠷᠪᠢᠯᠠᠨ ᠭᠠᠮᠨᠠᠵᠤ᠂ ᠴᠢᠬᠤᠯᠠ ᠪᠤᠰᠤ ᠵᠠᠷᠤᠯᠭ᠎ᠠ ᠶᠢ ᠪᠠᠭᠠᠰᠬᠠᠬᠤ ᠬᠡᠷᠡᠭᠲᠡᠶ᠃ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠳᠠᠬᠢ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠰᠠᠭᠤᠷᠢ ᠮᠥᠩᠭᠦᠨ ᠤ ᠨᠡᠶᠢᠭᠡᠮᠯᠢᠭ ᠤᠨ ᠨᠢᠭᠦᠯᠡᠰᠦᠩᠭᠦᠶ ᠶᠢᠨ ᠠᠵᠢᠯᠯᠠᠭ᠎ᠠ ᠥᠷᠨᠢᠭᠦᠯᠬᠦ ᠣᠨ ᠤ ᠵᠠᠷᠤᠯᠭ᠎ᠠ ᠨᠢ ᠲᠦᠷᠦᠭᠦᠦ ᠨᠢᠭᠡ ᠵᠢᠯ ᠤᠨ ᠪᠦᠬᠦ ᠣᠷᠣᠯᠭ᠎ᠠ ᠶᠢᠨ ᠵᠠᠭᠤᠨ ᠤ ᠳᠠᠯᠠ ᠪᠤᠶᠤ ᠲᠦᠷᠦᠭᠦᠦ ᠭᠤᠷᠪᠠᠨ ᠵᠢᠯ ᠤᠨ ᠣᠷᠣᠯᠭ᠎ᠠ ᠶᠢᠨ ᠳᠤᠮᠳᠠᠴᠢ ᠲᠣᠭᠠᠨ ᠤ ᠵᠠᠭᠤᠨ ᠤ ᠳᠠᠯᠠ ᠠᠴᠠ ᠳᠣᠣᠷ᠎ᠠ ᠪᠠᠶᠢᠵᠤ ᠪᠣᠯᠬᠤ ᠦᠭᠡᠢ᠃ ᠣᠨ ᠤ ᠬᠠᠮᠢᠶᠠᠷᠤᠯᠲᠠ ᠶᠢᠨ ᠵᠠᠷᠤᠳᠠᠯ ᠢ ᠲᠤᠬᠠᠶ ᠶᠢᠨ ᠵᠢᠯ ᠤᠨ ᠪᠦᠬᠦ ᠵᠠᠷᠤᠯᠭ᠎ᠠ ᠶᠢᠨ ᠵᠠᠭᠤᠨ ᠤ ᠠᠷᠪᠠ ᠠᠴᠠ ᠬᠡᠲᠦᠷᠡᠭᠦᠯᠵᠦ ᠪᠣᠯᠬᠤ ᠦᠭᠡᠢ᠂ ᠣᠨᠴᠠᠭᠠᠶ ᠪᠠᠶᠢᠳᠠᠯ ᠤᠨ ᠳᠣᠣᠷ᠎ᠠ᠂ ᠣᠨ ᠤ ᠬᠠᠮᠢᠶᠠᠷᠤᠯᠲᠠ ᠶᠢᠨ ᠵᠠᠷᠤᠳᠠᠯ ᠨᠢ ᠡᠮᠦᠨ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠳᠤ ᠪᠡᠷᠬᠡᠲᠡᠶ ᠪᠠᠶᠢᠪᠠᠯ᠂ ᠲᠡᠭᠦᠨ ᠤ ᠳᠠᠩᠰᠠᠯᠠᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠪᠠᠶᠢᠳᠠᠯ ᠢᠶᠠᠨ ᠨᠡᠶᠢᠭᠡᠮ ᠳᠤ ᠢᠯᠡ ᠪᠠᠷ ᠲᠣᠳᠣᠷᠬᠠᠶᠢᠯᠠᠬᠤ ᠬᠡᠷᠡᠭᠲᠡᠶ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号