ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠤᠨ ᠬᠢᠨᠠᠨ ᠵᠥᠪᠰᠢᠶᠡᠷᠡᠯ
ᠨᠡᠶᠢᠲᠡᠯᠡᠭᠰᠡᠨ ᠴᠠᠭ᠄
2021/10/27
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄        ᠪᠦᠳᠦᠭᠡᠨ ᠪᠠᠶᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠪᠤᠶᠤ ᠬᠤᠪᠢ ᠬᠥᠮᠦᠨ ᠬᠤᠳᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠬᠦ᠂ ᠬᠤᠳᠠ ᠶᠢᠨ ᠵᠠᠮ ᠢ ᠤᠬᠤᠵᠤ ᠮᠠᠯᠲᠠᠬᠤ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠄        ︵1︶ ᠪᠢᠴᠢᠭ ᠤᠨ ᠭᠤᠶᠤᠴᠢᠯᠠᠯ ︵ᠵᠠᠮ ᠮᠠᠯᠲᠠᠬᠤ ᠭᠤᠶᠤᠴᠢᠯᠠᠯ ᠤᠨ ᠪᠢᠴᠢᠭ ᠪᠤᠶᠤ ᠲᠦᠷ ᠴᠠᠭ ᠵᠠᠮ ᠢ ᠡᠵᠡᠯᠡᠨ ᠬᠡᠷᠡᠭᠯᠡᠬᠦ ᠭᠤᠶᠤᠴᠢᠯᠠᠯ ᠤᠨ ᠪᠢᠴᠢᠭ᠂ ᠬᠠᠪᠲᠠᠭᠠᠶ ᠶᠢᠨ ᠵᠢᠷᠤᠭ᠂ ᠵᠠᠮ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ︶ ᠢ ᠲᠤᠰᠢᠶᠠᠨ᠎ᠠ᠃        ︵2︶ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠣ ᠬᠤᠲᠠ ᠶᠢᠨ ᠵᠠᠮ ᠢ ᠮᠠᠯᠲᠠᠬᠤ᠂ ᠲᠦᠷ ᠴᠠᠭ ᠡᠵᠡᠯᠡᠨ ᠬᠡᠷᠡᠭᠯᠡᠬᠦ ᠳᠤ ᠡᠷᠬᠡᠪᠡᠰᠢ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠵᠢᠴᠢ ᠲᠥᠯᠥᠪᠵᠢᠭᠦᠯᠭᠡ ᠶᠢᠨ ᠵᠢᠷᠤᠭ ᠢ ᠲᠤᠰᠢᠶᠠᠬᠤ ᠬᠡᠷᠡᠭᠲᠡᠶ᠃        ︵3︶  ᠪᠠᠷᠢᠯᠭ᠎ᠠ ᠶᠢᠨ ᠭᠠᠵᠠᠷ ᠨᠢ ᠠᠮᠤᠷ ᠲᠦᠪᠰᠢᠨ ᠤ ᠬᠠᠰᠢᠯᠭ᠎ᠠ ᠪᠠᠶᠢᠷᠢᠯᠠᠭᠤᠯᠬᠤ ᠨᠥᠬᠦᠴᠡᠯ ᠢ ᠬᠠᠩᠭᠠᠬᠤ ᠬᠡᠷᠡᠭᠲᠡᠢ᠃        ︵ᠬᠤᠶᠠᠷ︶ ᠦᠯᠦ ᠵᠥᠪᠰᠢᠶᠡᠷᠡᠬᠦ ᠪᠠᠶᠢᠳᠠᠯ᠄       1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃       2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃       ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ       ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠲᠠᠯ᠎ᠠ ᠳᠤ ᠬᠢᠵᠠᠭᠠᠷᠯᠠᠯ ᠪᠠᠶᠢᠬᠤ ᠥᠬᠡᠶ᠃     ᠲᠣᠭᠲᠠᠭᠠᠭᠰᠠᠨ ᠦᠨᠳᠦᠰᠦᠯᠡᠯ       ︽ᠬᠤᠲᠠ ᠶᠢᠨ ᠵᠠᠮ ᠤᠨ ᠬᠠᠮᠢᠶᠠᠷᠤᠯᠲᠠ ᠶᠢᠨ ᠳᠦᠷᠢᠮ︾ ︵1996 ᠣᠨ ᠤ 6 ᠰᠠᠷ᠎ᠠ ᠶᠢᠨ 4 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 198 ᠳ᠋ᠤᠭᠠᠷ ᠲᠣᠭᠠᠲᠤ᠂ 2011 ᠣᠨ ᠤ 1 ᠰᠠᠷ᠎ᠠ ᠶᠢᠨ 1 ᠤ ᠡᠳᠦᠷ ᠵᠠᠰᠠᠪᠤᠷᠢ ᠣᠷᠣᠭᠤᠯᠪᠠ︶ ᠤᠨ ᠭᠤᠴᠢᠳᠤᠭᠠᠷ ᠵᠤᠷᠪᠤᠰ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠶ ᠪᠠᠷ ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠤᠲᠠ ᠶᠢᠨ ᠵᠠᠮ ᠢ ᠡᠵᠡᠯᠡᠨ ᠬᠡᠷᠡᠭᠯᠡᠬᠦ ᠪᠤᠶᠤ ᠤᠬᠤᠵᠤ ᠮᠠᠯᠲᠠᠵᠤ ᠪᠣᠯᠬᠤ ᠦᠭᠡᠶ᠃ ᠭᠤᠴᠢᠨ ᠨᠢᠭᠡᠳᠦᠭᠡᠷ ᠵᠤᠷᠪᠤᠰ᠂ ᠣᠨᠴᠠᠭᠠᠢ ᠪᠠᠶᠢᠳᠠᠯ ᠠᠴᠠ ᠪᠣᠯᠣᠭᠠᠳ ᠬᠤᠳᠠ ᠶᠢᠨ ᠵᠡᠮ ᠢ ᠲᠦᠷ ᠡᠵᠡᠯᠡᠨ ᠬᠡᠷᠡᠭᠯᠡᠬᠦ ᠴᠢᠬᠤᠯᠠ ᠲᠠᠢ ᠪᠣᠯ ᠡᠷᠬᠡᠪᠰᠢ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠵᠡᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠲᠣᠭᠲᠠᠭᠠᠯ ᠶᠣᠰᠣᠭᠠᠷ ᠡᠵᠡᠯᠡᠨ ᠬᠡᠷᠡᠭᠯᠡᠵᠦ ᠪᠣᠯᠤᠨ᠎ᠠ᠃ ᠭᠤᠴᠢᠨ ᠭᠤᠷᠪᠠᠳᠤᠭᠠᠷ ᠵᠤᠷᠪᠤᠰ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠤᠯᠵᠤ ᠬᠤᠳᠠ ᠶᠢᠨ ᠵᠠᠮ ᠢ ᠤᠬᠤᠵᠤ ᠮᠠᠯᠲᠠᠬᠤ ᠴᠢᠬᠤᠯᠠᠲᠠᠶ ᠪᠠᠶᠢᠪᠠᠯ᠂ ᠬᠤᠳᠠ ᠶᠢᠨ ᠲᠥᠯᠥᠪᠵᠢᠭᠦᠯᠭᠡ ᠶᠢᠨ ᠰᠠᠯᠠᠭ᠎ᠠ ᠮᠥᠴᠢᠷ ᠠᠴᠠ ᠵᠥᠪᠰᠢᠶᠡᠷᠡᠵᠦ ᠭᠠᠷ ᠤᠨ ᠦᠰᠦᠭ ᠵᠢᠷᠤᠵᠤ ᠶᠠᠪᠤᠭᠤᠯᠤᠭᠰᠠᠨ ᠪᠢᠴᠢᠭ ᠮᠠᠲ᠋ᠧᠷᠢᠶᠠᠯ ᠪᠣᠯᠤᠨ ᠬᠤᠯᠪᠣᠭᠳᠠᠯ ᠪᠦᠬᠦᠢ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢᠶᠠᠨ ᠠᠪᠴᠤ᠂ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ ᠤ ᠲᠠᠷᠠᠭ᠎ᠠ ᠰᠠᠶ᠋ᠢ ᠲᠣᠭᠲᠠᠭᠠᠯ ᠶᠣᠰᠣᠭᠠᠷ ᠤᠬᠤᠵᠤ ᠮᠠᠯᠲᠠᠵᠤ ᠪᠣᠯᠤᠨ᠎ᠠ᠃ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠬᠤᠲᠠ ᠶᠢᠨ ᠵᠠᠮ ᠢ ᠲᠤᠰᠢᠶᠠᠨ ᠥᠭᠴᠦ ᠬᠡᠷᠡᠭᠯᠡᠭᠦᠯᠦᠭᠰᠡᠨ ᠤ ᠳᠠᠷᠠᠭ᠎ᠠ 5 ᠵᠢᠯ ᠤᠨ ᠳᠣᠲᠣᠷ᠎ᠠ᠂ ᠶᠡᠭᠡ ᠪᠠᠷ ᠵᠠᠰᠠᠭᠰᠠᠨ ᠬᠤᠲᠠ ᠶᠢᠨ ᠵᠠᠮ ᠢ ᠪᠠᠷᠢᠯᠭ᠎ᠠ ᠳᠠᠭᠤᠰᠤᠭᠰᠠᠨ ᠤ ᠳᠠᠷᠠᠭ᠎ᠠ 3 ᠵᠢᠯ ᠤᠨ ᠳᠣᠲᠣᠷ᠎ᠠ ᠮᠠᠯᠲᠠᠵᠤ ᠪᠣᠯᠬᠤ ᠥᠬᠡᠶ᠃ ᠣᠨᠴᠠᠭᠠᠶ ᠪᠠᠶᠢᠳᠠᠯ ᠠᠴᠠ ᠪᠤᠯᠵᠦ ᠮᠠᠯᠲᠠᠬᠤ ᠴᠢᠬᠤᠯᠠ ᠲᠠᠢ ᠪᠣᠯ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃       ︽ᠬᠤᠲᠠ ᠶᠢᠨ ᠵᠠᠮ ᠤᠨ ᠬᠠᠮᠢᠶᠠᠷᠤᠯᠲᠠ ᠶᠢᠨ ᠳᠦᠷᠢᠮ︾ ︵1996 ᠣᠨ ᠤ 6 ᠰᠠᠷ᠎ᠠ ᠶᠢᠨ 4 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 198 ᠳ᠋ᠤᠭᠠᠷ ᠲᠣᠭᠠᠲᠤ᠂ 2011 ᠣᠨ ᠤ 1 ᠰᠠᠷ᠎ᠠ ᠶᠢᠨ 1 ᠤ ᠡᠳᠦᠷ ᠵᠠᠰᠠᠪᠤᠷᠢ ᠣᠷᠣᠭᠤᠯᠪᠠ︶ ᠤᠨ ᠬᠤᠷᠢ ᠶᠢᠰᠦᠳᠦᠭᠡᠷ ᠵᠤᠷᠪᠤᠰ᠂ ᠬᠤᠲᠠ ᠶᠢᠨ ᠵᠠᠮ ᠳᠤ ᠲᠦᠰᠢᠭᠯᠡᠨ ᠡᠯ᠎ᠡ ᠵᠦᠢᠯ ᠤᠨ ᠬᠤᠭᠤᠯᠠᠶ ᠤᠲᠠᠰᠤ᠂ ᠱᠤᠩ ᠤᠲᠠᠰᠤ ᠵᠡᠷᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠬᠦᠷᠪᠡᠯ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠵᠤ ᠪᠣᠯᠤᠨ᠎ᠠ᠃       ︽ᠪᠠᠲᠤᠲᠠᠢ ᠦᠯᠡᠳᠡᠭᠡᠬᠦ ᠴᠢᠬᠤᠯᠠᠲᠠᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ ᠲᠣᠭᠲᠠᠭᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵2004 ᠣᠨ ᠤ 6 ᠰᠠᠷ᠎ᠠ ᠶᠢᠨ 29 ᠤ ᠡᠳᠦᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 412 ᠳ᠋ᠤᠭᠠᠷ ᠲᠣᠭᠠᠲᠤ᠂ 2009 ᠣᠨ ᠤ 1 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠪᠠ︶ ᠤᠨ ᠳᠠᠭᠠᠯᠳᠤᠭᠤᠯᠤᠯ ᠤᠨ 109 ᠳ᠋ᠤᠭᠡᠷ ᠵᠤᠷᠪᠤᠰ᠂ ᠬᠤᠲᠠ ᠶᠢᠨ ᠬᠥᠭᠦᠷᠭᠡ ᠳᠡᠭᠡᠷ᠎ᠡ ᠡᠯ᠎ᠡ ᠲᠦᠷᠦᠯ ᠤᠨ ᠬᠤᠳᠠ ᠶᠢᠨ ᠬᠠᠮᠢᠶᠠᠷᠤᠯᠲᠠ ᠶᠢᠨ ᠬᠤᠭᠤᠯᠠᠶ ᠱᠤᠭᠤᠮ ᠢ ᠲᠠᠲᠠᠬᠤ ᠶᠢ ᠬᠢᠨᠠᠨ ᠵᠥᠪᠰᠢᠶᠡᠷᠡᠬᠦ᠂ ᠬᠡᠷᠡᠭᠵᠢᠭᠦᠯᠬᠦ ᠪᠠᠶᠢᠭᠤᠯᠭ᠎ᠠ᠄ ᠰᠠᠭᠤᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠃       ︽ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ ᠵᠦᠢᠯᠡᠰ ᠢ ᠢᠯᠭᠠᠷᠠᠭᠤᠯᠤᠨ ᠵᠢᠷᠤᠮᠵᠢᠭᠤᠯᠬᠤ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2016 ︺ 29 ᠳ᠋ᠦᠭᠡᠷ ᠲᠣᠭᠠᠲᠤ︶ ᠤᠨ ᠬᠤᠶᠠᠳᠤᠭᠠᠷ ᠵᠤᠷᠪᠤᠰ ᠤᠨ ︵ᠬᠤᠶᠠᠷ︶ ᠳ᠋ᠤᠭᠠᠷ ᠵᠦᠢᠯ᠂ ︿ᠬᠤᠲᠠ ᠶᠢᠨ ᠵᠠᠮ ᠢ ᠡᠵᠡᠯᠡᠨ ᠬᠡᠷᠡᠭᠯᠡᠬᠦ ᠂ ᠤᠬᠤᠵᠤ ᠮᠠᠯᠲᠠᠬᠤ ᠶᠢ ᠬᠢᠨᠠᠨ ᠵᠥᠪᠰᠢᠶᠡᠷᠡᠬᠦ﹀᠂ ︿ᠬᠤᠲᠠ ᠶᠢᠨ ᠵᠠᠮ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠬᠦ ᠡᠯ᠎ᠡ ᠵᠦᠢᠯ ᠤᠨ ᠬᠤᠭᠤᠯᠠᠶ ᠤᠲᠠᠰᠤ᠂ ᠱᠤᠩ ᠤᠲᠠᠰᠤ ᠵᠡᠷᠭᠡ ᠲᠦᠬᠦᠭᠡᠷᠤᠮᠵᠢ ᠶᠢ ᠬᠢᠨᠠᠨ ᠵᠥᠪᠰᠢᠶᠡᠷᠡᠬᠦ ﹀᠂ ︿ᠬᠤᠲᠠ ᠶᠢᠨ ᠬᠥᠭᠦᠷᠭᠡ ᠳᠡᠭᠡᠷ᠎ᠡ ᠡᠯ᠎ᠡ ᠲᠥᠷᠥᠯ ᠤᠨ ᠬᠤᠲᠠ ᠶᠢᠨ ᠶᠠᠪᠤᠳᠠᠯ ᠤᠨ ᠬᠤᠭᠤᠯᠠᠶ ᠤᠲᠠᠰᠤ ᠲᠠᠲᠠᠬᠤ ᠶᠢ ᠬᠢᠨᠠᠨ ᠵᠥᠪᠰᠢᠶᠡᠷᠡᠬᠦ﹀ ᠭᠤᠷᠪᠠᠨ ᠵᠦᠢᠯ ᠢ ᠨᠡᠶᠢᠯᠡᠭᠦᠯᠦᠭᠡᠳ ︿ᠬᠤᠲᠠ ᠶᠢᠨ ᠶᠠᠪᠤᠳᠠᠯ ᠤᠨ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠬᠢᠨᠠᠨ ᠵᠥᠪᠰᠢᠶᠡᠷᠡᠬᠦ﹀ ᠨᠢᠭᠡ ᠵᠦᠢᠯ ᠪᠣᠯᠭᠠᠪᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — 50 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号