ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ ᠪᠠᠶᠢᠷᠢᠯᠠᠭᠤᠯᠤᠯᠲᠠ | ᠶᠣᠰᠤ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠲᠤ ᠬᠠᠨᠳᠤᠭᠤᠯᠤᠭᠰᠠᠨ | ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠤᠨᠵᠢᠪᠤᠷᠢᠲᠤ | ᠪᠤᠰᠤ ᠴᠢᠨᠠᠷᠲᠠᠶ ᠪᠠᠶᠢᠭᠤᠯᠤᠮᠵᠢ ᠪᠠᠷ ᠨᠢᠭᠡᠳᠦᠯᠲᠡᠶ ᠳᠡᠩᠰᠡᠯᠡᠪᠡ᠃ ᠳᠠᠩᠰᠠᠯᠠᠬᠤ ᠶᠠᠪᠤᠴᠠ ᠳᠤ ᠥᠪᠥᠷ ᠮᠣᠩᠭᠤᠯ ᠶᠠᠮᠠᠷ | ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠠᠴᠠ ᠬᠤᠷᠠᠯᠳᠤᠭᠤᠯᠤᠭᠰᠠᠨ ︽ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ᠂ ᠨᠢᠭᠡᠳᠦᠭᠡᠷ | ᠳᠡᠰ ᠤᠨ ᠲᠣᠭᠤᠷᠢᠨ ᠪᠠᠶᠢᠴᠠᠭᠠᠭᠴᠢ ᠬᠥᠩ ᠸᠧᠶ ᠴᠦᠨ ᠬᠤᠯᠪᠤᠭᠳᠠᠬᠤ ᠠᠰᠠᠭᠤᠳᠠᠯ ᠤᠨ ᠲᠤᠬᠠᠶ ᠲᠠᠶᠢᠯᠤᠮᠵᠢ | ᠬᠢᠪᠠ᠃ | ᠬᠥᠩ ᠸᠧᠶ ᠴᠦᠨ ᠠᠴᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠥᠩᠭᠡᠷᠡᠭᠦᠯᠬᠦ︾ | ᠠᠵᠢᠯ ᠤᠨ ᠪᠠᠶᠢᠷᠢᠯᠠᠭᠤᠯᠤᠯᠲᠠ ᠶᠣᠰᠤ ᠪᠠᠷ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠳᠠᠩᠰᠠᠯᠠᠬᠤ ᠠᠵᠢᠯ ᠢ ᠰᠠᠶᠢᠲᠤᠷ ᠬᠢᠬᠦ ᠪᠣᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤ ︽ᠬᠤᠶᠠᠷ ᠢ | ᠬᠥᠩᠭᠡᠷᠡᠭᠦᠯᠬᠦ︾ ᠠᠵᠢᠯ ᠤᠨ ᠶᠠᠪᠤᠴᠠ ᠳᠠᠬᠢ ᠭᠤᠤᠯ ᠡᠭᠦᠷᠭᠡ ᠬᠠᠷᠢᠭᠤᠴᠠᠯᠭ᠎ᠠ ᠪᠣᠯᠤᠨ᠎ᠠ᠃ ᠣᠳᠣ᠂ ᠪᠥᠬᠦ | ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ 1192 ᠪᠣᠢ᠂ ᠡᠭᠦᠨ ᠳᠤ ᠥᠪᠡᠷᠲᠡᠭᠡᠨ | ᠵᠠᠰᠠᠬᠤ ᠣᠷᠣᠨ ᠤ ᠱᠠᠲᠤᠨ ᠳᠤ 5᠂ ᠠᠶᠢᠮᠠᠭ ᠬᠤᠲᠠ ᠳᠤ 91᠂ ᠬᠤᠰᠢᠭᠤ ᠰᠢᠶᠠᠨ ︵ᠲᠣᠭᠤᠷᠢᠭ︶ ᠳᠤ | 1096 ᠶᠢ ᠳᠠᠩᠰᠠᠯᠠᠭᠰᠠᠨ ᠪᠠᠶᠢᠨ᠎ᠠ ᠭᠡᠪᠡ᠃ | ᠡᠮᠦᠨᠡᠬᠢ ᠬᠤᠭᠤᠴᠠᠭᠠᠨ ᠳᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠣᠰ | ᠰᠠᠯᠠᠭ᠎ᠠ ᠮᠥᠴᠢᠷ ᠲᠤ ᠪᠠᠨ ᠳᠠᠩᠰᠠᠯᠠᠭᠤᠯᠤᠭᠰᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ | ᠤᠶᠢᠯᠠᠭᠠᠨ ᠵᠢᠭᠰᠠᠭᠠᠬᠤ ᠶᠢᠨ ᠬᠠᠮᠲᠤ ᠰᠢᠨ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠲᠤ ᠬᠠᠨᠳᠤᠭᠤᠯᠤᠭᠰᠠᠨ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠭᠰᠠᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠲᠤ ᠬᠠᠨᠳᠤᠭᠤᠯᠤᠭᠰᠠᠨ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠳᠡᠩᠰᠡᠯᠡᠨ ᠲᠡᠮᠳᠡᠭᠯᠡᠬᠦ ᠠᠵᠢᠯ ᠢ ᠵᠣᠭᠰᠤᠭᠠᠪᠠ᠃ ᠡᠭᠦᠨ ᠤ ᠬᠠᠮᠲᠤ ᠬᠤᠨᠵᠢᠪᠤᠷᠢᠲᠤ ᠴᠢᠨᠠᠷᠲᠠᠶ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠤᠨᠵᠢᠪᠤᠷᠢᠲᠤ ᠪᠤᠰᠤ ᠴᠢᠨᠠᠷᠲᠠᠶ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠭᠠᠨ ᠬᠤᠪᠢᠷᠠᠭᠤᠯᠤᠨ ᠳᠠᠩᠰᠠᠯᠠᠬᠤ ᠲᠠᠰ | ᠳᠠᠷᠠᠭᠠᠯᠠᠯ ᠢ ᠳᠦᠷᠢᠮᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠪᠠᠶᠢᠭᠤᠯᠤᠨ ᠳᠠᠩᠰᠠᠯᠠᠬᠤ ᠠᠴᠠ ᠡᠮᠦᠨᠡᠬᠢ ᠮᠡᠳᠡᠭᠳᠡᠯ ᠪᠠ ᠡᠳ᠋ ᠮᠥᠩᠭᠦ ᠪᠠᠷ ᠲᠤᠰᠠᠯᠠᠬᠤ ᠠᠮᠠᠯᠠᠯᠲᠠ ᠶᠢᠨ ᠵᠢᠱᠢᠶ᠎ᠡ | ᠦᠵᠡᠭᠦᠯᠬᠦ ᠪᠢᠴᠢᠭ ᠢ ᠲᠣᠭᠲᠠᠭᠠᠪᠠ᠃ | ᠲᠠᠷᠠᠭᠠᠴᠢ ᠶᠢᠨ ᠠᠯᠬᠤᠮ ᠳᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠭᠰᠠᠨ ᠬᠢᠴᠢᠶᠡᠯ ᠲᠥᠷᠥᠯ ᠤᠨ | ᠪᠣᠯᠪᠠᠰᠤᠷᠠᠭᠤᠯᠤᠯ ᠤᠨ ᠬᠢᠷᠢ ᠬᠡᠮ ᠣᠯᠤᠭᠰᠠᠨ ᠥᠬᠡᠶ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ | ᠨᠢᠭᠡᠴᠢ ᠶᠢ ᠵᠠᠷᠯᠢᠭᠳᠠᠵᠤ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠭᠰᠤᠭᠠᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠪᠣᠯ ᠬᠠᠤᠯᠢ ᠶᠣᠰᠤ ᠪᠠᠷ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠪᠤᠶᠤ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ | ᠡᠭᠦᠨ ᠤ ᠬᠠᠮᠲᠤ᠂ ᠣᠲᠣ ᠶᠢᠨ ᠪᠠᠶᠢᠭ᠎ᠠ ᠬᠤᠨᠵᠢᠪᠤᠷᠢᠲᠤ ᠴᠢᠨᠠᠷᠲᠠᠶ ᠬᠢᠴᠢᠶᠡᠯ ᠲᠥᠷᠥᠯ ᠤᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠤᠨᠵᠢᠪᠤᠷᠢᠲᠤ ᠪᠤᠰᠤ ᠴᠢᠨᠠᠷᠲᠠᠶ ᠪᠠᠶᠢᠭᠤᠯᠤᠮᠵᠢ ᠪᠣᠯᠭᠠᠨ | ᠬᠤᠪᠢᠷᠠᠭᠤᠯᠵᠤ ᠳᠠᠩᠰᠠᠯᠠᠬᠤ ᠠᠵᠢᠯ ᠢ ᠬᠠᠤᠯᠢ ᠲᠣᠭᠲᠠᠭᠠᠯ ᠶᠣᠰᠤ ᠪᠠᠷ ᠯᠠᠪᠳᠠᠭᠤᠨ ᠢᠶᠠᠷ ᠠᠬᠢᠭᠤᠯᠵᠤ᠂ | ᠪᠠᠶᠢᠭᠤᠯᠤᠮᠵᠢ ᠶᠢᠨ ᠨᠡᠷᠡᠶᠢᠳᠦᠯ᠂ ᠠᠵᠢᠯ ᠤᠨ ᠬᠡᠪᠴᠢᠶ᠎ᠡ᠂ ᠡᠷᠭᠢᠯᠡᠬᠦ ᠪᠠᠯᠠ ᠮᠥᠩᠭᠦ᠂ ᠠᠵᠢᠯᠯᠠᠭᠠᠨ ᠤ ᠪᠠᠶᠢᠷᠢ | ᠲᠠᠯᠠᠪᠤᠷ᠂ ᠡᠷᠭᠢᠯᠡᠨ ᠪᠠᠶᠢᠭᠤᠯᠤᠭᠴᠢ ᠵᠡᠷᠭᠡ ᠵᠦᠢᠯ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭᠠᠳᠬᠠᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ | ᠴᠢᠨᠠᠷ ᠢ ᠪᠠᠷᠢᠮᠲᠠᠯᠠᠬᠤ ᠬᠡᠷᠡᠭᠲᠡᠶ᠃ | ᠡᠭᠦᠨ ᠠᠴᠠ ᠭᠠᠳᠠᠨ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠯ ᠤᠨ ᠪᠠᠶᠢᠴᠠᠭᠠᠯᠲᠠ᠂ ᠲᠠᠰᠢᠷᠠᠮ ᠤᠨ ᠰᠤᠭᠤᠴᠢᠨ ᠪᠠᠶᠢᠴᠠᠭᠠᠯᠲᠠ᠂ | ᠢᠲᠡᠭᠡᠮᠵᠢ ᠶᠢᠨ ᠬᠠᠮᠢᠶᠠᠷᠤᠯᠲᠠ ᠪᠠ ᠬᠠᠤᠯᠢ ᠶᠢ ᠬᠡᠷᠡᠭᠵᠢᠭᠦᠯᠬᠦ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ | ᠶᠣᠰᠤ ᠪᠠᠷ ᠴᠢᠩᠭ᠎ᠠ᠂ ᠬᠦᠨᠳᠦ᠂ ᠲᠦᠷᠭᠡᠨ ᠰᠢᠢᠳᠪᠦᠷᠢᠯᠡᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮᠲᠠᠢ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠢ᠃ | | |