ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠠᠷᠤ ᠬᠤᠷᠴᠢᠨ | ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ ᠪᠣᠢ᠃ | ︵ᠨᠢᠭᠡ︶ ᠨᠠᠷᠢᠨ ᠨᠢᠭᠲᠠ ᠪᠠᠶᠢᠷᠢᠯᠠᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠤᠲᠠᠲᠠᠶᠢᠵᠢᠭᠤᠯᠪᠠ | ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠪᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠴᠢᠮ ᠬᠤᠷᠠᠯᠳᠤᠭᠠᠨ ᠢ ᠬᠤᠷᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠵᠦ᠂ | ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠲᠠᠶᠢᠵᠢᠭᠤᠯᠪᠠ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠪᠠᠴᠢᠮ ᠪᠠᠶᠢᠳᠠᠯ ᠢ | ᠠᠷᠭᠠᠴᠠᠭᠠᠬᠤ ᠲᠥᠰᠦᠯ ᠵᠡᠷᠭᠡ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ | ᠰᠤᠷᠭᠠᠭᠤᠯᠢ᠂ ᠣᠨ᠂ ᠠᠩᠭᠢ᠂ ᠬᠡᠷ ᠤᠨ ᠠᠬᠠᠮᠠᠳ ᠵᠡᠷᠭᠡ ᠳᠥᠷᠪᠡᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠤᠨ | ᠬᠠᠷᠢᠯᠴᠠᠬᠤ ᠰᠦᠯᠵᠢᠶ᠎ᠡ ᠶᠢ ᠪᠠᠶᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠰᠣᠷᠣᠭᠴᠢ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠬᠠᠮᠢᠶ᠎ᠠ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠴᠤᠭᠯᠠᠭᠤᠯᠬᠤ ᠪᠠ ᠮᠡᠳᠡᠭᠦᠯᠦᠨ ᠬᠦᠷᠭᠡᠬᠦ ᠶᠢ ᠪᠠᠲᠤᠯᠠᠪᠠ᠃ ᠭᠤᠷᠪᠠ ᠳᠤ᠂ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠡᠯ᠎ᠡ | ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ | ᠥᠬᠡᠶ ᠪᠠᠶᠢᠪᠠᠯ ᠴᠢᠩᠭ᠎ᠠ ᠬᠠᠷᠢᠭᠤᠴᠠᠯᠭ᠎ᠠ ᠠᠰᠠᠭᠤᠨ ᠨᠡᠬᠡᠮᠵᠢᠯᠡᠨ᠎ᠡ᠃ | ︵ᠬᠤᠶᠠᠷ︶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠡᠷᠴᠢᠮ ᠢᠶᠠᠨ | ᠴᠢᠩᠭᠠᠷᠠᠭᠤᠯᠪᠠ | 1. ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ᠪᠢᠴᠢᠯ ᠪᠦᠷᠭᠡ ᠪᠤᠶᠤ ᠸᠢᠴᠠᠲ ᠤᠨ ᠨᠡᠶᠢᠲᠡ ᠶᠢᠨ | ᠲᠠᠪᠴᠠᠩ᠂ ᠬᠡᠷ ᠤᠨ ᠠᠬᠠᠮᠠᠳ᠂ ᠪᠠᠭᠰᠢ ᠠᠵᠢᠯᠲᠠᠨ ᠤ ᠰᠦᠯᠵᠢᠶᠡᠨ ᠴᠣᠭᠯᠠᠷᠠᠯ ᠵᠡᠷᠭᠡ ᠪᠠᠷ ᠳᠠᠮᠵᠢᠭᠤᠯᠤᠨ ᠪᠥᠬᠦ | ᠪᠠᠭᠰᠢ ᠠᠵᠢᠯᠲᠠᠨ ᠠᠵᠢᠯᠴᠢᠨ᠂ ᠰᠣᠷᠣᠭᠴᠢ ᠪᠠ ᠬᠡᠷ ᠤᠨ ᠠᠬᠠᠮᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ | ᠵᠠᠰᠠᠬᠤ ᠮᠡᠳᠡᠯᠭᠡ ᠪᠠ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠤᠬᠠᠭᠤᠯᠤᠨ ᠲᠦᠭᠡᠮᠡᠯᠵᠢᠭᠦᠯᠵᠦ᠂ ᠪᠠᠭᠰᠢ | ᠰᠤᠷᠤᠭᠴᠢᠳ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠴᠢᠬᠤᠯᠠᠴᠢᠯᠠᠭ᠎ᠠ ᠦᠭᠡᠢ ᠬᠦᠳᠡᠯᠭᠡᠭᠡᠨ ᠢ | ᠠᠯᠢ ᠴᠢᠳᠠᠬᠤ ᠪᠠᠷ ᠪᠠᠭᠠᠰᠬᠠᠪᠠ︔ ᠪᠥᠬᠦ ᠪᠠᠭᠰᠢ ᠠᠵᠢᠯᠲᠠᠨ ᠢ ᠵᠣᠬᠢᠶᠠᠨ ᠪᠠᠶᠢᠭᠤᠯᠵᠤ ᠪᠥᠬᠦ ᠬᠤᠲᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ᠂ ᠬᠤᠯᠤᠭᠠᠨ᠎ᠠ ᠶᠢᠨ | ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠤᠷ ᠤᠨ | ᠶᠡᠷᠦᠩᠬᠡᠶᠢᠯᠡᠭᠰᠡᠨ ᠰᠣᠷᠢᠯᠲᠠ ᠰᠣᠨᠢᠷᠬᠠᠵᠤ᠂ ᠪᠠᠭᠰᠢ ᠰᠤᠷᠤᠭᠴᠢ ᠵᠢᠴᠢ ᠭᠡᠷ ᠤᠨ ᠠᠬᠠᠮᠠᠳ ᠤᠨ ᠰᠡᠷᠭᠡᠶᠢᠯᠡᠨ | ᠡᠵᠡᠮᠳᠡᠬᠦ ᠤᠬᠠᠮᠰᠠᠷ ᠪᠠ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠴᠢᠩᠭᠠᠳᠬᠠᠪᠠ᠃ | 2. ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢ ᠪᠦᠷᠢᠨ ᠪᠡᠯᠡᠳᠬᠡᠪᠡ᠃ ᠡᠯ᠎ᠡ ᠰᠤᠷᠭᠠᠭᠤᠯᠢ ᠶᠢᠨ ᠠᠷᠢᠭᠤᠳᠬᠠᠬᠤ | ᠡᠳ᠋ ᠪᠣᠳᠠᠰ᠂ ᠤᠬᠢᠶᠠᠯᠭ᠎ᠠ ᠶᠢᠨ ᠡᠳ᠋ ᠪᠣᠳᠠᠰ᠂ ᠠᠮᠠᠪᠴᠢ᠂ ᠤᠯᠠᠭᠠᠨ ᠤ ᠭᠠᠳᠠᠨᠠᠬᠢ ᠪᠡᠶ᠎ᠡ ᠶᠢᠨ ᠳᠤᠯᠠᠭᠠᠨ ᠤ | ᠬᠡᠮᠵᠢᠭᠦᠷ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠨᠡᠯᠢᠶᠡᠳ ᠭᠦᠢᠴᠡᠳ ᠪᠣᠢ︔ ᠰᠣᠷᠭᠠᠭᠤᠯᠢ | ᠪᠦᠷᠢ ᠲᠤᠰᠠᠭᠠᠷᠯᠠᠬᠤ ᠲᠠᠰᠤᠭ ᠪᠠᠶᠢᠭᠤᠯᠵᠤ᠂ ᠵᠣᠬᠢᠬᠤ ᠪᠡᠯᠡᠳᠬᠡᠯ ᠲᠥᠬᠦᠭᠡᠷᠦᠮᠵᠢ ᠪᠠ ᠡᠳ᠋ ᠪᠣᠳᠠᠰ ᠢ | ᠲᠣᠬᠢᠷᠠᠭᠤᠯᠤᠭᠰᠠᠨ ᠪᠠᠶᠢᠨ᠎ᠠ᠃ | 3. ᠠᠵᠢᠯᠲᠠᠨ ᠠᠵᠢᠯᠴᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ᠨᠢᠭᠡ ᠳᠤ᠂ ᠪᠥᠬᠦ | ᠬᠤᠰᠢᠭᠤᠨ ᠤ ᠪᠠᠭᠰᠢ ᠰᠤᠷᠤᠭᠴᠢᠳ ᠤᠨ ᠬᠥᠳᠡᠯᠦᠯ ᠪᠠᠶᠢᠳᠠᠯ ᠵᠢᠴᠢ ᠡᠷᠡᠭᠦᠯ ᠮᠡᠨᠳᠦ ᠶᠢᠨ ᠪᠠᠶᠢᠳᠠᠯ ᠢ ᠣᠨᠣᠪᠴᠢᠲᠠᠶ | ᠤᠶᠢᠯᠠᠭᠠᠨ ᠪᠠᠶᠢᠴᠠᠭᠠᠵᠤ᠂ ᠭᠠᠳᠠᠭᠰᠢ ᠭᠠᠷᠤᠭᠰᠠᠨ ᠪᠠᠭᠰᠢ ᠠᠵᠢᠯᠲᠠᠨ ᠪᠠ ᠰᠣᠷᠣᠭᠴᠢ᠂ ᠭᠤᠤᠯᠳᠠᠯᠭ᠎ᠠ ᠲᠠᠢ | ᠬᠢᠵᠢᠭ ᠤᠨ ᠣᠷᠣᠨ ᠳᠤ ᠣᠴᠢᠵᠤ ᠦᠩᠭᠡᠷᠡᠭᠰᠡᠨ ᠪᠠᠭᠰᠢ ᠠᠵᠢᠯᠲᠠᠨ ᠪᠠ ᠰᠣᠷᠣᠭᠴᠢ ᠵᠢᠴᠢ ᠪᠡᠶ᠎ᠡ ᠨᠢ ᠬᠠᠪᠤ ᠥᠬᠡᠶ | ᠪᠠᠭᠰᠢ ᠠᠵᠢᠯᠲᠠᠨ ᠪᠠ ᠰᠣᠷᠣᠭᠴᠢ ᠶᠢᠨ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠵᠤ᠂ ᠠᠵᠢᠯᠲᠠᠨ | ᠠᠵᠢᠯᠴᠢᠨ ᠤ ᠬᠠᠮᠢᠶᠠᠷᠤᠯᠲᠠ ᠶᠢ ᠴᠢᠩᠭᠠᠳᠬᠠᠪᠠ︔ ᠣᠳᠣᠬᠠᠨ ᠳᠤ᠂ ᠰᠤᠷᠭᠠᠨ ᠬᠥᠮᠦᠵᠢᠯ ᠤᠨ ᠰᠢᠰᠲ᠋ᠧᠮ ᠳᠤ | ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠵᠤ ᠥᠩᠭᠡᠷᠡᠭᠰᠡᠨ ᠠᠵᠢᠯᠲᠠᠨ | ᠠᠵᠢᠯᠴᠢᠨ ᠪᠠᠶᠢᠬᠤ ᠥᠬᠡᠶ᠃ ᠬᠤᠶᠠᠷ ᠲᠤ᠂ ᠬᠢᠵᠢᠭ ᠤᠨ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠬᠦ ᠶᠢ | ᠴᠢᠩᠭᠠᠳᠬᠠᠵᠤ᠂ ᠪᠠᠭᠰᠢ ᠠᠵᠢᠯᠲᠠᠨ ᠠᠵᠢᠯᠴᠢᠨ ᠪᠠ ᠰᠣᠷᠣᠭᠴᠢ ᠶᠢᠨ ᠥᠷᠯᠥᠭᠡ ᠶᠢᠨ ᠪᠠᠶᠢᠴᠠᠭᠠᠯᠲᠠ᠂ ᠦᠳᠡ ᠶᠢᠨ | ᠪᠠᠶᠢᠴᠠᠭᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠷᠢᠯᠠᠬᠤ ᠳᠦᠷᠢᠮᠲᠦ ᠰᠤᠷᠭᠠᠭᠤᠯᠢ ᠪᠡᠶ᠎ᠡ ᠶᠢᠨ | ᠳᠤᠯᠠᠭᠠᠨ ᠢ ᠡᠷᠲᠡ᠂ ᠦᠳᠡ᠂ ᠣᠷᠣᠶ ᠭᠤᠷᠪᠠ ᠤᠳᠠᠭ᠎ᠠ ᠪᠠᠶᠢᠴᠠᠭᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠵᠤ᠂ | ᠪᠠᠭᠰᠢ ᠰᠣᠷᠣᠭᠴᠢ ᠶᠢᠨ ᠡᠪᠡᠳᠴᠢᠨ ᠠᠴᠠ ᠪᠣᠯᠵᠣ ᠠᠵᠢᠯ ᠠᠴᠠ ᠰᠠᠭᠠᠲᠠᠭᠰᠠᠨ ᠬᠢᠴᠢᠶᠡᠯ ᠠᠴᠠ ᠰᠠᠭᠠᠲᠠᠭᠰᠠᠨ | ᠡᠪᠡᠳᠴᠢᠨ ᠤ ᠰᠢᠯᠲᠠᠭᠠᠨ ᠢ ᠨᠡᠬᠡᠮᠵᠢᠯᠡᠨ ᠪᠠᠶᠢᠴᠠᠭᠠᠬᠤ ᠵᠢᠴᠢ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠠᠮᠢᠶᠠᠷᠤᠯᠲᠠ ᠶᠢᠨ ᠭᠠᠳᠠᠭᠤᠷ ᠣᠷᠬᠢᠭᠳᠠᠭᠤᠯᠤᠨ ᠡᠵᠡᠮᠳᠡᠯ ᠢᠶᠠᠨ ᠠᠯᠳᠠᠬᠤ | ᠦᠵᠡᠭᠳᠡᠯ ᠡᠭᠦᠰᠬᠦ ᠶᠢ ᠴᠢᠩᠭ᠎ᠠ ᠰᠡᠷᠭᠡᠶᠢᠯᠡᠵᠦ ᠪᠣᠢ᠃ | 4. ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠷᠠᠭᠤᠯᠪᠠ᠃ ᠨᠢᠭᠡ ᠳᠤ᠂ ᠰᠤᠷᠭᠠᠭᠤᠯᠢ ᠶᠢᠨ | ᠬᠦᠷᠢᠶᠡᠨ ᠳᠤ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠣᠷᠭᠠᠭᠤᠯᠢ ᠶᠢᠨ ᠬᠦᠷᠢᠶᠡᠨ ᠳᠤ | ᠣᠷᠣᠬᠤ ᠡᠭᠦᠳᠡ ᠶᠢᠨ ᠪᠣᠭᠤᠮᠲᠠ ᠶᠢ ᠰᠠᠶᠢᠲᠤᠷ ᠰᠠᠬᠢᠵᠤ᠂ ᠣᠷᠣᠵᠤ ᠭᠠᠷᠬᠤ ᠶᠢ ᠳᠠᠩᠰᠠᠯᠠᠬᠤ᠂ ᠺᠣᠳ᠋ ᠰᠢᠷᠪᠢᠬᠦ᠂ | ᠳᠤᠯᠠᠭᠠᠨ ᠢ ᠬᠡᠮᠵᠢᠬᠦ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠬᠤᠶᠠᠷ ᠲᠤ᠂ ᠰᠤᠷᠭᠠᠭᠤᠯᠢ ᠶᠢᠨ ᠳᠣᠲᠣᠷᠠᠬᠢ | ᠣᠯᠠᠨ ᠨᠡᠶᠢᠲᠡ ᠶᠢᠨ ᠣᠷᠴᠢᠨ ᠲᠣᠭᠤᠷᠢᠨ ᠪᠠ ᠭᠤᠤᠯᠳᠠᠯᠭ᠎ᠠ ᠲᠠᠢ ᠲᠠᠯᠠᠪᠤᠷ ᠢ ᠠᠷᠢᠭᠤᠳᠬᠠᠨ ᠰᠠᠯᠬᠢ | ᠨᠡᠪᠲᠡᠷᠡᠭᠦᠯᠬᠦ ᠶᠢ ᠴᠢᠩᠭᠠᠳᠬᠠᠵᠤ᠂ ᠡᠳᠦᠷ ᠪᠦᠷᠢ ᠬᠢᠴᠢᠶᠡᠯ ᠤᠨ ᠬᠡᠷ᠂ ᠪᠠᠶᠢᠷᠢ᠂ ᠬᠤᠭᠤᠯᠠᠨ ᠬᠡᠷ ᠵᠡᠷᠭᠡ | ᠰᠤᠷᠭᠠᠭᠤᠯᠢ ᠶᠢᠨ ᠬᠡᠷ ᠪᠠᠶᠢᠰᠢᠩ ᠪᠠ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠢ ᠠᠷᠢᠭᠤᠳᠬᠠᠵᠤ ᠪᠣᠢ᠃ | ᠭᠤᠷᠪᠠ ᠳᠤ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠬᠤᠯᠠᠴᠢᠯᠠᠵᠤ᠂ ᠪᠠᠭᠰᠢ | ᠰᠤᠷᠤᠭᠴᠢᠳ ᠤᠨ ᠭᠠᠷ ᠤᠨ ᠡᠷᠡᠭᠦᠯ ᠬᠠᠮᠠᠭᠠᠯᠠᠯ ᠢ ᠴᠢᠩᠭᠠᠳᠬᠠᠵᠤ᠂ ᠡᠯ᠎ᠡ ᠰᠤᠷᠭᠠᠭᠤᠯᠢ ᠶᠢᠨ ᠬᠢᠨ ᠱᠠᠭᠠᠷᠳᠠᠯᠭ᠎ᠠ | ᠶᠣᠰᠣᠭᠠᠷ ᠭᠠᠷ ᠤᠬᠢᠶᠠᠬᠤ ᠲᠥᠬᠦᠭᠡᠷᠦᠮᠵᠢ ᠭᠠᠷᠭᠠᠵᠤ᠂ ᠭᠠᠷ ᠤᠬᠢᠶᠠᠬᠤ ᠰᠢᠩᠭᠡᠨ᠂ ᠭᠠᠷ ᠠᠷᠢᠭᠤᠳᠬᠠᠬᠤ ᠡᠮ | ᠲᠤᠬᠢᠷᠠᠭᠤᠯᠵᠤ᠂ ᠪᠠᠭᠰᠢ ᠰᠤᠷᠤᠭᠴᠢᠳ ᠤᠨ ᠭᠠᠷ ᠢᠶᠠᠨ ᠰᠠᠶᠢᠲᠤᠷ ᠤᠬᠢᠶᠠᠬᠤ ᠶᠢ ᠬᠦᠳᠦᠯᠦᠨ ᠵᠢᠯᠤᠭᠤᠳᠪᠠ᠃ | ᠳᠥᠷᠪᠡ ᠳᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ᠂ ᠲᠣᠭᠤᠭᠠᠨ ᠬᠡᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ | ᠤᠬᠠᠮᠰᠠᠷ ᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠢ ᠪᠠᠲᠤᠯᠠᠵᠤ ᠪᠣᠢ᠃ ᠲᠠᠪᠤ ᠳᠤ᠂ ᠴᠤᠭᠯᠠᠷᠠᠯ ᠤᠨ | ᠴᠢᠨᠠᠷᠲᠠᠢ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ︽ᠴᠢᠬᠤᠯᠠ ᠦᠭᠡᠢ ᠪᠣᠯ ᠡᠷᠬᠢᠯᠡᠬᠦ ᠦᠭᠡᠢ᠂ ᠬᠡᠨ ᠭᠤᠣᠯᠯᠠᠨ | ᠡᠷᠬᠢᠯᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠡᠯ᠎ᠡ ᠲᠦᠷᠦᠯ ᠤᠨ ᠬᠤᠷᠠᠯ᠂ ᠪᠣᠯᠪᠠᠰᠤᠷᠠᠯ ᠵᠡᠷᠭᠡ | ᠤᠯᠠᠨ ᠬᠦᠮᠦᠨ ᠴᠣᠭᠯᠠᠷᠠᠬᠤ ᠴᠢᠨᠠᠷᠲᠠᠢ ᠠᠵᠢᠯᠯᠠᠭ᠎ᠠ ᠡᠷᠬᠢᠯᠡᠬᠦ ᠶᠢ ᠲᠦᠷ ᠬᠤᠶᠢᠰᠢᠯᠠᠭᠤᠯᠪᠠ᠃ ᠵᠢᠷᠭᠤᠭ᠎ᠠ ᠳᠤ᠂ | ︽ᠡᠳᠦᠷ ᠤᠨ ᠮᠡᠳᠡᠭᠦᠯᠦᠯᠲᠡ︾᠂ ︽ᠬᠢᠵᠢᠭ ᠦᠭᠡᠢ ᠮᠡᠳᠡᠭᠦᠯᠦᠯᠲᠡ︾᠂ ︽ᠴᠢᠬᠤᠯᠠ ᠶᠡᠭᠡ ᠤᠴᠢᠷ ᠶᠠᠪᠤᠳᠠᠯ ᠢ | ᠴᠠᠭ ᠲᠤᠬᠠᠢ ᠳᠤᠨᠢ ᠮᠡᠳᠡᠭᠦᠯᠬᠦ︾ ᠲᠦᠷᠢᠮ ᠢ ᠴᠢᠩᠭ᠎ᠠ ᠬᠡᠷᠡᠭᠵᠢᠭᠦᠯᠵᠦ ᠪᠣᠢ᠃ | 5. ᠠᠷᠠᠳ ᠠᠴᠠ ᠡᠷᠭᠢᠯᠡᠭᠰᠡᠨ ᠰᠤᠷᠭᠠᠭᠤᠯᠢ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢ ᠵᠢᠷᠤᠮᠵᠢᠭᠤᠯᠪᠠ᠃ ᠪᠥᠬᠦ ᠬᠤᠰᠢᠭᠤᠨ ᠳᠤ ᠣᠲᠣ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ 8᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ 36᠂ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ 51 ᠪᠠᠶᠢᠵᠤ᠂ 1541 ᠬᠡᠤᠬᠡᠳ᠂ 1982 ᠰᠣᠷᠣᠭᠴᠢ ᠲᠠᠢ ᠬᠤᠯᠪᠣᠭᠳᠠᠨ᠎ᠠ᠃ | ᠬᠤᠲᠠ ᠶᠢᠨ ᠬᠢᠨᠠᠨ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠬᠠᠮᠵᠢᠯᠴᠠᠨ | ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠡ | ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠥᠬᠡᠶ ᠪᠠᠶᠢᠭᠤᠯᠤᠮᠵᠢ ᠳᠤ ᠴᠡᠭᠴᠡᠯᠡᠨ ᠥᠭᠡᠷᠡᠴᠢᠯᠡᠬᠦ ᠮᠡᠳᠡᠭᠳᠡᠯ | ᠪᠠᠭᠤᠯᠭᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠬᠡᠷᠡᠭᠲᠡᠶ ᠭᠡᠵᠦ | ᠱᠠᠭᠠᠷᠳᠠᠪᠠ᠃ | 6. ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠪᠡ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠪᠠᠭᠰᠢ ᠠᠵᠢᠯᠳᠠᠨ ᠠᠵᠢᠯᠴᠢᠨ᠂ ᠰᠤᠷᠤᠭᠴᠢᠳ ᠤᠨ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠪᠡ︔ ᠡᠳᠦᠷ ᠤᠨ | ᠲᠣᠬᠢᠷᠠᠭᠤᠯᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢᠨ ᠮᠡᠳᠡᠭᠡ ᠵᠠᠩᠭᠢ ᠶᠢ | ᠴᠠᠭ ᠲᠤᠬᠠᠶ ᠳᠤᠨᠢ ᠨᠡᠶᠢᠲᠡᠯᠡᠨ᠂ ᠨᠥᠬᠦᠴᠡᠯ ᠳᠤ ᠨᠡᠶᠢᠴᠡᠬᠦ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠶᠢ | ᠰᠠᠨᠠᠭᠤᠯᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠪᠠ᠃ ᠣᠳᠣᠬᠠᠨ ᠳᠤ᠂ ᠰᠤᠷᠭᠠᠨ | ᠬᠥᠮᠦᠵᠢᠯ ᠤᠨ ᠰᠢᠰᠲ᠋ᠧᠮ ᠤᠨ ᠸᠠᠺᠼᠢᠨ ᠤ ᠬᠤᠶᠠᠳᠠᠬᠢ ᠲᠠᠷᠢᠯᠭ᠎ᠠ ᠶᠢ ᠪᠡᠶᠡᠯᠡᠭᠦᠯᠦᠭᠰᠡᠨ ᠪᠠᠭᠰᠢ 4680 ᠬᠥᠮᠦᠨ᠂ | ᠰᠣᠷᠣᠭᠴᠢ 13438 ᠬᠥᠮᠦᠨ ᠪᠠᠶᠢᠵᠤ᠂ ᠲᠠᠷᠢᠬᠤ ᠶᠤᠰᠤᠲᠠᠢ ᠨᠢ ᠪᠦᠬᠦᠨ ᠢᠶᠠᠷ ᠢᠶᠠᠨ ᠲᠠᠷᠢᠬᠤ ᠶᠢ ᠪᠡᠶᠡᠯᠡᠭᠦᠯᠪᠡ᠃ | ᠭᠤᠷᠪᠠᠳᠤᠭᠠᠷ ᠲᠠᠷᠢᠯᠭ᠎ᠠ ᠶᠢᠨ ᠸᠠᠺᠼᠢᠨ ᠢ ᠳᠠᠷᠢᠬᠤ ᠴᠠᠭ ᠪᠣᠯᠤᠭᠠᠳᠤᠶ ᠪᠣᠯᠬᠤᠷ ᠲᠠᠷᠢᠯᠭ᠎ᠠ ᠡᠬᠢᠯᠡᠭᠡᠳᠦᠶ ᠪᠠᠶᠢᠨ᠎ᠠ᠃ | ︵ᠭᠤᠷᠪᠠ︶ ᠱᠠᠭᠠᠷᠳᠠᠨ ᠪᠠᠶᠢᠴᠠᠭᠠᠬᠤ ᠶᠢ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠪᠠᠲᠤᠯᠠᠪᠠ᠃ ᠨᠢᠭᠡ ᠳᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠪᠤᠨ ᠱᠠᠭᠠᠷᠳᠠᠨ ᠪᠠᠶᠢᠴᠠᠭᠠᠬᠤ | ᠳᠤᠭᠤᠶᠢᠯᠠᠩ ᠪᠠᠶᠢᠭᠤᠯᠵᠤ᠂ 10 ᠰᠠᠷ᠎ᠠ ᠶᠢᠨ 23 ᠤ ᠡᠳᠦᠷ ᠠᠴᠠ ᠡᠬᠢᠯᠡᠨ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ᠂ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠡᠯ᠎ᠡ ᠰᠤᠷᠭᠠᠭᠤᠯᠢ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ | ᠪᠣᠢ︔ ᠣᠳᠣᠬᠠᠨ ᠳᠤ ᠨᠢᠭᠡᠨᠲᠡ 21 ᠰᠤᠷᠭᠠᠭᠤᠯᠢ ᠶᠢ ᠱᠠᠭᠠᠷᠳᠠᠨ ᠪᠠᠶᠢᠴᠠᠭᠠᠵᠤ᠂ ᠨᠡᠶᠢᠲᠡ 20 ᠠᠰᠠᠭᠤᠳᠠᠯ ᠢ | ᠢᠯᠡᠷᠡᠭᠦᠯᠵᠦ᠂ ᠢᠯᠡᠷᠡᠭᠦᠯᠦᠭᠰᠡᠨ 20 ᠠᠰᠠᠭᠤᠳᠠᠯ ᠢ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃ ᠬᠤᠶᠠᠷ ᠲᠤ᠂ | ᠳᠠᠭᠠᠭᠠᠴᠢᠯᠠᠨ ᠬᠠᠷᠢᠴᠠᠬᠤ ᠲᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠲᠣᠪᠴᠢᠶ᠎ᠠ ᠪᠠᠶᠢᠭᠤᠯᠭ᠎ᠠ ᠶᠢᠨ | ᠳᠠᠭᠠᠭᠠᠴᠢᠯᠠᠨ ᠬᠠᠷᠢᠴᠠᠬᠤ ᠬᠠᠷᠢᠭᠤᠴᠠᠯᠭᠠᠲᠠᠨ ᠢ ᠡᠯ᠎ᠡ ᠰᠤᠷᠭᠠᠭᠤᠯᠢ ᠳᠤ ᠲᠣᠬᠢᠷᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠤᠭᠤᠯᠪᠠ᠃ | |