ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠲᠤᠰ ᠲᠤᠰ | ᠦᠵᠡᠰᠬᠦᠯᠡᠩ ᠢ ᠲᠣᠭᠤᠷᠢᠨ ᠦᠵᠡᠪᠡ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 26 ᠤ ᠦᠳᠡ ᠶᠢᠨ ᠬᠤᠶᠢᠨ᠎ᠠ ᠤᠯᠤᠰ ᠤᠨ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ | ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠬᠦ ᠳᠡᠭᠡᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ | ᠰᠢᠨ᠎ᠡ ᠶᠢ ᠡᠭᠦᠳᠬᠦ ᠴᠢᠳᠠᠪᠤᠷᠢ ᠶᠡᠭᠡ ᠪᠠᠷ ᠳᠡᠭᠡᠭᠰᠢᠯᠡᠵᠦ᠂ ᠰᠠᠭᠤᠷᠢ ᠬᠤᠰᠢᠭᠤᠴᠢ ᠮᠡᠷᠭᠡᠵᠢᠯ᠂ ᠪᠠᠶᠢᠯᠳᠤᠬᠤ ᠪᠤᠳᠤᠯᠭ᠎ᠠ ᠶᠢᠨ | ᠳᠡᠭᠡᠳᠦ ᠮᠡᠷᠭᠡᠵᠢᠯ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠢᠭᠡ | ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠣᠯᠵᠠᠢ᠃ ᠡᠨᠡ ᠪᠣᠯ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠤᠯᠤᠰ ᠢᠯᠠᠩᠭᠤᠶ᠎ᠠ ᠥᠷᠭᠡᠨ ᠤᠯᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠃ | ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠨᠠᠮ | ᠪᠠ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠮᠠᠰᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠪᠠᠶᠢᠳᠠᠭ᠂ | ᠪᠦᠬᠦ ᠤᠯᠤᠰ ᠤᠨ ᠥᠷᠭᠡᠨ ᠤᠯᠡᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠳᠡᠯᠡᠬᠡᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠵᠤ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ | ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ | ᠬᠠᠨᠳᠤᠵᠤ᠂ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠠᠵᠠ ᠲᠣᠬᠢᠶᠠᠯ ᠢ ᠴᠢᠩᠭ᠎ᠠ | ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠤᠶᠠᠨ ᠣᠷᠭᠢᠯ ᠳᠤ ᠵᠣᠷᠢᠭᠲᠠᠢ ᠠᠪᠠᠷᠢᠵᠤ᠂ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠷᠠᠭᠤ ᠠᠯᠳᠠᠷᠲᠤ ᠲᠡᠦᠬᠡᠲᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 10 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠡᠭᠡᠵᠢᠩ ᠳᠤ ᠤᠯᠤᠰ ᠤᠨ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢᠨ | ᠦᠵᠡᠰᠬᠦᠯᠡᠩ ᠢ ᠲᠣᠭᠤᠷᠢᠨ ᠦᠵᠡᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ | | | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ | ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ | ᠱᠠᠨ ᠲᠤᠰ ᠲᠤᠰ ᠦᠵᠡᠰᠬᠦᠯᠡᠩ ᠢ ᠲᠣᠭᠤᠷᠢᠨ ᠦᠵᠡᠪᠡ᠃ | ᠦᠳᠡ ᠶᠢᠨ ᠬᠤᠶᠢᠨᠠᠬᠢ 3 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠪᠡᠭᠡᠵᠢᠩ ᠤᠨ ᠦᠵᠡᠰᠬᠦᠯᠡᠩ ᠤᠨ | ᠣᠷᠳᠣᠨ ᠳᠤ ᠬᠦᠷᠴᠦ᠂ ᠳᠡᠯᠭᠡᠨ ᠦᠵᠡᠭᠦᠯᠬᠦ ᠲᠢᠩᠬᠢᠮ ᠳᠤ ᠣᠷᠣᠵᠤ ᠦᠵᠡᠰᠬᠦᠯᠡᠩ ᠢ ᠲᠣᠭᠤᠷᠢᠨ ᠦᠵᠡᠪᠡ᠃ | ᠦᠵᠡᠰᠭᠦᠯᠡᠩ ᠨᠢ ︽ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠵᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠵᠦᠭ ᠤᠷᠤᠭᠰᠢᠯᠠᠶ᠎ᠠ︾ ᠪᠠᠷ ᠭᠤᠣᠯ ᠰᠡᠳᠦᠪ ᠪᠣᠯᠭᠠᠨ᠂ ᠶᠡᠷᠦᠩᠬᠡᠶ ᠳᠠᠷᠠᠭᠠᠯᠠᠯ᠂ | ᠵᠠᠭᠤᠨ ᠵᠢᠯ ᠤᠨ ᠡᠷᠭᠢᠴᠡᠭᠦᠯᠦᠯ᠂ ᠰᠠᠭᠤᠷᠢ ᠰᠤᠳᠤᠯᠭᠠᠨ᠂ ᠳᠡᠭᠡᠳᠦ ᠰᠢᠨ᠎ᠡ ᠮᠡᠷᠭᠡᠵᠢᠯ᠂ ᠴᠢᠬᠤᠯᠠ ᠶᠡᠭᠡ ᠲᠤᠰᠬᠠᠢ ᠲᠦᠷᠦᠯ | ᠵᠦᠢᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠶᠢᠭᠡᠮ ᠤᠨ ᠬᠥᠭᠵᠢᠯᠲᠡ ᠵᠡᠷᠭᠡ 12 | ᠦᠵᠡᠭᠦᠯᠭᠡ ᠶᠢᠨ ᠲᠣᠭᠤᠷᠢᠭ ᠬᠤᠪᠢᠶᠠᠵᠤ᠂ 1300 ᠭᠠᠷᠤᠢ ᠪᠣᠳᠠᠲᠤ ᠪᠤᠳᠠᠰ᠂ 200 ᠭᠠᠷᠤᠢ ᠵᠠᠭᠪᠤᠷ ᠵᠡᠷᠭᠡ ᠪᠠᠷ | ᠳᠠᠮᠵᠢᠭᠤᠯᠤᠨ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢᠬᠢ ᠪᠦᠬᠦ ᠨᠠᠮ ᠪᠦᠬᠦ ᠤᠯᠤᠰ ᠢᠶᠠᠷ ᠢᠶᠠᠨ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠤᠬᠠᠢ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠯᠣᠭᠰᠠᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠬᠦᠯᠵᠡᠢ᠃ | ᠳᠡᠯᠡᠬᠡᠶ ᠶᠢᠨ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠬᠠᠨᠳᠤᠭᠤᠯᠵᠤ᠂ ᠦᠵᠡᠰᠭᠦᠯᠡᠩ ᠳᠤ | ︽ᠶᠢᠰᠦᠨ ᠪᠦᠯᠦᠭᠲᠦ︾ ᠺᠸᠠᠨ᠋ᠲ ᠪᠣᠳᠣᠯᠭ᠎ᠠ ᠶᠢᠨ ᠮᠠᠰᠢᠨ ᠤ ᠠᠩᠬᠠᠨ ᠤ ᠵᠠᠭᠪᠤᠷ ᠮᠠᠰᠢᠨ᠂ ᠬᠤᠶᠠᠳᠤᠭᠠᠷ ᠤᠳᠠᠭᠠᠨ ᠤ | ᠬᠥᠬᠡᠨᠠᠭᠤᠷ ᠲᠥᠪᠡᠳ ᠤᠨ ᠥᠨᠳᠦᠷᠯᠢᠭ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠪᠠᠶᠢᠴᠠᠭᠠᠯᠲᠠ ᠶᠢᠨ ᠰᠤᠳᠤᠯᠭᠠᠨ᠂ | ︽ᠲᠢᠶᠠᠨ ᠵᠢᠢ ᠨᠡᠷᠡᠮᠵᠢᠳᠤ︾ ᠲᠠᠷᠢᠬᠢᠨ ᠤ ᠴᠢᠫ ᠢᠯᠲᠠᠰᠤ ᠵᠡᠷᠭᠡ ᠰᠠᠭᠤᠷᠢ ᠮᠡᠷᠭᠡᠵᠢᠯ ᠤᠨ ᠬᠤᠰᠢᠭᠤᠷᠠᠯ ᠤᠨ ᠴᠢᠬᠤᠯᠠ | ᠶᠡᠭᠡ ᠰᠢᠪᠲᠤᠯᠤᠯᠲᠠ ᠵᠢᠴᠢ ᠪᠤᠲᠠᠷᠠᠮᠠᠯ ᠨᠧᠳ᠋ᠷᠣᠨ ᠡᠭᠦᠰᠬᠡᠭᠴᠢ᠂ ︽ᠭᠢᠷᠠᠬᠠᠢ ᠨᠢᠳᠦ︾ ᠳᠠᠭᠠᠭᠤᠯᠢ ᠣᠲᠣ ᠵᠡᠷᠭᠡ ᠰᠢᠨᠵᠢᠯᠡᠬᠦ | ᠤᠬᠠᠭᠠᠨ ᠤ ᠲᠣᠨᠣᠭᠯᠠᠯ ᠢ ᠭᠤᠤᠯᠳᠠᠯᠭ᠎ᠠ ᠲᠠᠢ ᠳᠡᠯᠭᠡᠨ ᠦᠵᠡᠭᠦᠯᠪᠡ᠃ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ | ᠬᠠᠨᠳᠤᠭᠤᠯᠵᠤ᠂ ᠤᠯᠤᠰ ᠤᠨ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠨᠡᠭᠡᠭᠡᠯᠲᠡ ᠬᠢᠵᠦ ᠰᠢᠨ᠎ᠡ ᠶᠢ | ᠡᠭᠦᠳᠬᠦ ᠲᠠᠪᠴᠠᠩ᠂ ︽ᠵᠢᠩ ᠬᠤᠸᠠ ᠨᠡᠷᠡᠮᠵᠢᠲᠦ︾ ᠤᠯᠤᠰ ᠲᠠᠭᠠᠨ ᠦᠢᠯᠡᠳᠪᠦᠷᠢᠯᠡᠭᠰᠡᠨ ᠬᠠᠮᠤᠭ ᠤᠨ ᠶᠡᠭᠡ ᠳ᠋ᠢᠶᠠᠮᠧᠳ᠋ᠷ | ᠪᠥᠬᠦᠶ ᠪᠠᠮᠪᠠᠶ ᠪᠦᠲᠦᠴᠡᠲᠦ ᠮᠠᠰᠢᠨ ᠵᠡᠷᠭᠡ ᠶᠢ ᠭᠤᠤᠯᠳᠠᠯᠭ᠎ᠠ ᠲᠠᠢ ᠳᠡᠯᠭᠡᠨ ᠦᠵᠡᠭᠦᠯᠵᠠᠢ᠃ ᠤᠯᠤᠰ ᠤᠨ ᠴᠢᠬᠤᠯᠠ ᠶᠡᠭᠡ | ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠳᠤᠮᠳᠠᠳᠤ ᠤᠯᠤᠰ ᠤᠨ ᠰᠠᠨᠰᠠᠷ ᠤᠨ ᠥᠷᠲᠡᠭᠡᠨ ᠤ ᠵᠠᠭᠪᠤᠷ᠂ ᠭᠠᠯ | ᠭᠠᠷᠠᠭ ᠤᠨ ᠲᠡᠷᠭᠡ᠂ ︽ᠴᠠᠩ ᠧ ᠲᠠᠪᠤᠳᠤᠭᠠᠷ︾᠂ ︽ᠲᠡᠮᠡᠴᠡᠭᠴᠢ︾ ᠨᠡᠷᠡᠮᠵᠢᠲᠦ ᠭᠦᠨ ᠲᠠᠯᠠᠢ ᠶᠢᠨ ᠬᠥᠮᠦᠨ | ᠰᠠᠭᠤᠯᠭᠠᠭᠰᠠᠨ ᠱᠤᠩᠭᠤᠭᠤᠷ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠲᠣᠨᠣᠭᠯᠠᠯ᠂ ᠪᠦᠬᠦ ᠪᠦᠮᠪᠦᠷᠴᠡᠭ ᠤᠨ ᠠᠩᠬᠠᠳᠠᠭᠴᠢ | ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠥᠨᠳᠥᠷ ᠬᠠᠯᠠᠭᠤᠨ ᠠᠭᠤᠷ ᠢᠶᠠᠷ ᠬᠥᠷᠥᠭᠡᠬᠦ ᠵᠢᠱᠢᠶ᠎ᠡ ᠦᠵᠡᠭᠦᠯᠬᠦ | ᠵᠤᠤᠬ᠎ᠠ᠂ ︽ᠭᠦᠸᠧ ᠾᠧ ᠨᠢᠭᠡᠳᠦᠭᠡᠷ︾ ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠵᠡᠷᠭᠡ ᠤᠯᠤᠰ ᠤᠨ ᠴᠢᠬᠤᠯᠠ | ᠵᠡᠪᠰᠡᠭ ᠢ ᠭᠤᠣᠯᠳᠠᠯᠭ᠎ᠠ ᠲᠠᠢ ᠳᠡᠯᠭᠡᠨ ᠦᠵᠡᠭᠦᠯᠵᠠᠢ᠃ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠵᠤ᠂ | ᠨᠢᠭᠡ ᠴᠣᠭᠴᠠᠵᠢᠭᠰᠠᠨ ᠪᠥᠬᠦ ᠪᠡᠶ᠎ᠡ ᠶᠢᠨ ᠡᠶᠡᠷᠭᠦ ᠡᠯᠧᠺᠳ᠋ᠷᠣᠨ ᠬᠠᠷᠪᠤᠴᠠ / ᠰᠣᠷᠢᠨᠵᠢᠨ ᠳᠡᠷᠪᠢᠯᠲᠡ ᠪᠠᠷ ᠳᠦᠷᠰᠦ | ᠪᠦᠲᠦᠭᠡᠬᠦ ᠲᠣᠨᠣᠭᠯᠠᠯ᠂ ᠬᠥᠮᠦᠨ ᠬᠡᠷᠡᠭᠰᠡᠬᠦ ᠥᠬᠡᠶ ᠤᠷᠭᠤᠮᠠᠯ ᠤᠨ ᠦᠢᠯᠡᠳᠪᠦᠷᠢ ᠶᠢᠨ ᠤᠰᠤᠨ ᠲᠤᠲᠤᠷᠭ᠎ᠠ ᠶᠢᠨ ᠡᠭᠦᠯᠳᠡᠷ | ᠪᠤᠶᠢᠵᠢᠭᠤᠯᠬᠤ ᠲᠦᠷᠭᠡᠳᠭᠡᠭᠦᠷ ᠵᠢᠴᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠵᠢᠭ ᠲᠠᠢ ᠲᠡᠮᠡᠴᠡᠬᠦ︾᠂ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ︾ ᠤ | ᠬᠠᠮᠤᠭ ᠤᠨ ᠰᠢᠨ᠎ᠡ ᠦᠷ᠎ᠡ ᠪᠦᠲᠦᠭᠡᠯ ᠁ ᠵᠡᠷᠭᠡ ᠶᠢ ᠭᠤᠤᠯᠳᠠᠯᠭ᠎ᠠ ᠲᠠᠢ ᠳᠡᠯᠭᠡᠨ ᠦᠵᠡᠭᠦᠯᠵᠠᠢ᠃ ᠠᠯᠢ ᠣᠯᠠᠨ | ᠪᠣᠳᠠᠲᠤ ᠪᠣᠳᠠᠰ᠂ ᠠᠯᠢ ᠣᠯᠠᠨ ᠵᠠᠭᠪᠤᠷ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠭᠠᠨ ᠮᠠᠨ ᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠤ ᠣᠯᠣᠭᠰᠠᠨ ᠴᠢᠬᠤᠯᠠ ᠶᠡᠭᠡ ᠠᠬᠢᠴᠠ | ᠪᠣᠯᠤᠨ ᠳᠣᠪᠤᠶᠢᠮ᠎ᠠ ᠠᠮᠵᠢᠯᠲᠠ ᠪᠦᠲᠦᠮᠵᠢ ᠶᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠂ ᠰᠢ ᠶᠢᠨ ᠫᠢᠩ ᠵᠡᠷᠭᠡ | ᠤᠳᠤᠷᠢᠳᠬᠤ ᠨᠥᠬᠦᠳ ᠨᠠᠷᠢᠨ ᠬᠢᠨᠠᠮᠠᠭᠠᠶ ᠦᠵᠡᠵᠦ᠂ ᠠᠵᠢᠯᠲᠠᠨ ᠤ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠬᠤ ᠶᠢᠨ | ᠬᠠᠮᠲᠤ ᠬᠤᠯᠪᠣᠭᠳᠠᠯ ᠪᠥᠬᠦᠶ ᠪᠠᠶᠢᠳᠠᠯ ᠢ ᠯᠠᠪᠯᠠᠨ ᠠᠰᠠᠭᠤᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ | ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠥᠷᠥ ᠶᠢᠨ ᠶᠠᠪᠤᠳᠠᠯ ᠤᠨ ᠭᠡᠰᠢᠭᠦᠨ᠂ ᠪᠦᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠦᠵᠡᠰᠬᠦᠯᠡᠩ ᠢ ᠲᠣᠭᠤᠷᠢᠨ ᠦᠵᠡᠪᠡ᠃ | | |