ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠱᠣᠣ ᠪᠠᠯᠭᠠᠰᠤ ᠬᠠᠮᠢᠶᠠᠷᠤᠯᠲᠠ ᠶᠢ ᠴᠢᠩᠭᠠᠳᠬᠠᠬᠤ᠂ ᠡᠷᠲᠡ ᠠᠴᠠ | ᠰᠡᠷᠭᠡᠶᠢᠯᠡᠬᠦ᠂ ᠤᠷᠢᠳᠴᠢᠯᠠᠨ ᠪᠠᠶᠢᠷᠢᠯᠠᠭᠤᠯᠬᠤ ᠶᠢ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ | ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠣᠢ᠃ | | | | | | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠲᠤᠬᠠᠶ ᠳᠤᠨᠢ ᠳᠣᠭᠢᠷᠠᠭᠤᠯᠤᠨ ᠪᠠᠶᠢᠷᠢᠯᠠᠭᠤᠯᠪᠠ᠃ | ᠨᠠᠮᠤᠷ ᠡᠪᠦᠯ ᠤᠨ ᠤᠯᠠᠷᠢᠯ ᠤᠨ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠬᠤᠷᠠᠯ ᠢ ᠬᠤᠷᠠᠯᠳᠤᠭᠤᠯᠵᠤ᠂ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ | ᠪᠥᠬᠦ ᠲᠠᠯ᠎ᠠ ᠪᠠᠷ ᠲᠣᠬᠢᠷᠠᠭᠤᠯᠪᠠ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠣᠰᠬᠤᠨ ᠳᠠᠭᠠᠭᠠᠴᠢᠯᠠᠵᠤ ᠪᠠᠶᠢᠭ᠎ᠠ ᠺᠠᠳ᠋ᠷ | ᠨᠡᠶᠢᠳᠡ 120 ᠭᠠᠷᠤᠢ ᠬᠥᠮᠦᠨ ᠬᠤᠷᠠᠯ ᠳᠤ ᠣᠷᠣᠯᠴᠠᠪᠠ᠃ | ᠵᠢᠵᠢᠭᠦᠷᠯᠡᠨ ᠰᠠᠬᠢᠬᠤ ᠶᠢ ᠴᠢᠩᠳᠠᠯᠠᠵᠤ᠂ ︽ᠳᠠᠶᠢᠨ ᠳᠤ ᠪᠡᠯᠡᠳᠬᠡᠬᠦ︾ ᠪᠠᠶᠢᠳᠠᠯ ᠢ ᠪᠠᠲᠤᠯᠠᠪᠠ᠃ 24 | ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ ᠲᠦᠷᠢᠮ ᠢ | ᠪᠠᠷᠢᠮᠲᠠᠯᠠᠵᠤ᠂ ᠭᠠᠴᠠᠭ᠎ᠠ ᠲᠣᠰᠬᠤᠨ ᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠵᠢᠯ ᠤᠨ | ᠪᠠᠶᠢᠷᠢ ᠪᠠᠨ ᠰᠠᠶᠢᠲᠤᠷ ᠰᠠᠬᠢᠵᠤ᠂ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠪᠡ᠃ | ᠤᠬᠠᠭᠤᠯᠭ᠎ᠠ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠱᠣᠣ | ᠪᠠᠯᠭᠠᠰᠤ ︽ᠭᠠᠴᠠᠭ᠎ᠠ ᠲᠣᠰᠬᠤᠨ ᠪᠣᠯᠭᠠᠨ ᠳᠤ ᠯᠠᠪᠠᠷ ᠲᠠᠭᠠᠷᠠᠭᠤᠯᠬᠤ︾᠂ ᠡᠳᠦᠷ ᠲᠤᠲᠤᠮ ᠤᠨ ᠠᠶᠢᠯ ᠡᠷᠦᠬᠡ ᠳᠤ | ᠬᠦᠷᠴᠦ ᠰᠤᠷᠪᠤᠯᠵᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ | ᠬᠡᠯᠪᠡᠷᠢ ᠪᠠᠷ ᠪᠥᠬᠦ ᠲᠠᠯ᠎ᠠ ᠶᠢᠨ᠂ ᠣᠯᠠᠨ ᠠᠷᠭ᠎ᠠ ᠵᠠᠮ᠂ ᠣᠯᠠᠨ ᠬᠡᠯᠪᠡᠷᠢ ᠶᠢᠨ ᠣᠶ ᠰᠢᠭᠤᠶ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠡᠷᠦᠬᠡ ᠪᠣᠯᠭᠠᠨ ᠳᠤ᠂ | ᠬᠥᠮᠦᠨ ᠪᠦᠬᠦᠨ ᠳᠤ ᠮᠡᠳᠡᠭᠦᠯᠬᠦ ᠪᠠᠷ ᠴᠢᠷᠮᠠᠶᠢᠪᠠ᠃ | | | | | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠪᠡ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠭᠠᠯ ᠰᠡᠷᠭᠡᠶᠢᠯᠡᠬᠦ | ᠡᠩᠨᠡᠭᠡ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠷ ᠳᠠᠮᠵᠢᠭᠤᠯᠤᠨ ᠪᠥᠬᠦ ᠭᠡᠰᠢᠭᠦᠳ ᠤᠨ | ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠ ᠲᠤᠰᠬᠠᠶ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠣᠳᠠᠲᠤ | ᠪᠠᠶᠢᠯᠳᠤᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃ | |