ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠢ 6 ᠴᠠᠭ ᠤᠨ  ᠳᠣᠲᠣᠷ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2021/10/28
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ  ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠡᠮᠴᠢᠯᠡᠭᠡᠨ ᠤ ᠠᠪᠤᠷᠠᠨ ᠵᠠᠰᠠᠬᠤ  ᠳᠤᠭᠤᠶᠢᠯᠠᠩ ︽ᠣᠳᠣᠬᠠᠨ ᠤ ᠰᠢᠨ᠎ᠡ ᠲᠢᠲᠢᠮᠯᠢᠭ  ᠸᠢᠷᠦ᠋ᠰ ᠤᠨ  ᠪᠥᠭᠡᠮ  ᠬᠦᠴᠢᠯ ᠤᠨ  ᠪᠠᠶᠢᠴᠠᠭᠠᠨ  ᠰᠢᠯᠭᠠᠬᠤ  ᠦᠢᠯᠡᠴᠢᠯᠡᠭᠡ ᠶᠢ  ᠤᠯᠠᠮ  ᠴᠢᠨᠠᠭᠰᠢᠳᠠ  ᠴᠢᠩᠭᠠᠳᠬᠠᠬᠤ  ᠲᠤᠬᠠᠶ  ᠮᠡᠳᠡᠭᠳᠡᠯ︾  ᠢ  ᠨᠡᠶᠢᠲᠡᠯᠡᠪᠡ᠃              ᠮᠡᠳᠡᠭᠳᠡᠯ ᠳᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ  ᠪᠠᠶᠢᠭᠤᠯᠤᠮᠵᠢ  ᠨᠡᠶᠢᠭᠡᠮ ᠳᠤ  24  ᠴᠠᠭ ᠤᠨ  ᠪᠥᠭᠡᠮ ᠬᠦᠴᠢᠯ ᠢ ᠰᠢᠯᠭᠠᠨ ᠪᠠᠶᠢᠴᠠᠭᠠᠬᠤ ᠦᠢᠯᠡᠴᠢᠯᠡᠭᠡ ᠬᠠᠩᠭᠠᠬᠤ ᠬᠡᠷᠡᠭᠲᠡᠶ᠃ ᠪᠥᠭᠡᠮ ᠬᠦᠴᠢᠯ ᠤᠨ  ᠦᠯᠢᠭᠡᠷ  ᠠᠪᠬᠤ᠂  ᠬᠦᠷᠭᠡᠵᠦ ᠪᠠᠶᠢᠴᠠᠭᠠᠯᠭᠠᠬᠤ᠂ ᠮᠡᠳᠡᠭᠦᠯᠬᠦ ᠡᠯ᠎ᠡ ᠭᠤᠭᠴᠤᠭ᠎ᠠ  ᠶᠢᠨ ᠵᠤᠯᠭᠠᠯᠴᠠᠭᠤᠯᠭ᠎ᠠ  ᠶᠢ ᠴᠢᠩᠭᠠᠳᠬᠠᠵᠤ᠂  ᠰᠢᠯᠭᠠᠨ  ᠪᠠᠶᠢᠴᠠᠭᠠᠬᠤ  ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂  ᠪᠥᠭᠡᠮ  ᠬᠦᠴᠢᠯ ᠢ  ᠰᠢᠯᠭᠠᠨ  ᠪᠠᠶᠢᠴᠠᠭᠠᠬᠤ  ᠬᠡᠮᠵᠢᠭᠦᠷᠯᠢᠭ  ᠲᠥᠬᠦᠭᠡᠷᠦᠮᠵᠢ ᠶᠢᠨ ᠬᠠᠮᠤᠭ ᠤᠨ ᠶᠡᠭᠡ ᠴᠢᠳᠠᠮᠵᠢ ᠶᠢ ᠪᠠᠳᠠᠷᠠᠭᠤᠯᠵᠤ᠂ ᠲᠣᠭᠲᠠᠭᠰᠠᠨ ᠬᠠᠷᠢᠭᠤ ᠲᠤᠰᠬᠠᠬᠤ  ᠴᠠᠭ ᠤᠨ  ᠰᠠᠭᠤᠷᠢᠨ  ᠳᠡᠭᠡᠷ᠎ᠡ᠂  ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠮᠡᠳᠡᠭᠦᠯᠬᠦ  ᠴᠠᠭ ᠢ  ᠤᠯᠠᠮ  ᠴᠢᠨᠠᠭᠰᠢᠳᠠ  ᠪᠣᠭᠤᠨᠢᠰᠬᠠᠬᠤ  ᠬᠡᠷᠡᠭᠲᠡᠢ᠃ ᠢᠯᠠᠩᠭᠤᠶ᠎ᠠ  ︽ᠪᠠᠶᠢᠴᠠᠭᠠᠬᠤ  ᠳᠤᠷᠠᠲᠠᠶ  ᠪᠣᠯ  ᠪᠦᠬᠦᠨ ᠢ  ᠪᠠᠶᠢᠴᠠᠭᠠᠬᠤ︾  ᠬᠥᠮᠦᠰ ᠤᠨ  ᠪᠥᠭᠡᠮ  ᠬᠦᠴᠢᠯ ᠤᠨ   ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ 6 ᠴᠠᠭ ᠤᠨ  ᠳᠣᠲᠣᠷ᠎ᠠ  ᠮᠡᠳᠡᠭᠦᠯᠬᠦ ᠶᠢᠨ  ᠬᠠᠮᠲᠤ  ᠮᠡᠳᠡᠭᠡ  ᠵᠠᠩᠭᠢᠵᠢᠯᠲᠠ ᠶᠢᠨ  ᠠᠷᠭ᠎ᠠ ᠪᠠᠷᠢᠯ ᠢᠶᠠᠷ ᠳᠠᠮᠵᠢᠭᠤᠯᠤᠨ ᠴᠠᠭ  ᠲᠤᠬᠠᠶ ᠳᠤᠨᠢ  ᠣᠯᠠᠨ  ᠲᠦᠮᠡᠨ ᠳᠤ  ᠬᠦᠷᠭᠡᠵᠦ᠂  ᠰᠢᠯᠭᠠᠨ  ᠪᠠᠶᠢᠴᠠᠭᠠᠭᠰᠠᠨ  ᠬᠡᠮᠵᠢᠶ᠎ᠡ ᠶᠢ ᠦᠨᠳᠦᠰᠦᠯᠡᠨ᠂ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠲᠦᠷᠭᠡᠨ ᠪᠠᠶᠢᠴᠠᠭᠠᠬᠤ ᠲᠤᠷᠰᠢᠯᠲᠠ ᠶᠢᠨ ᠡᠮ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠲᠣᠬᠢᠷᠠᠭᠤᠯᠬᠤ ᠶᠢ ᠵᠣᠷᠢᠭᠵᠢᠭᠤᠯᠵᠤ᠂ ᠬᠦᠯᠢᠶᠡᠬᠦ ᠴᠠᠭ ᠢ ᠪᠣᠭᠤᠨᠢᠰᠬᠠᠬᠤ ᠬᠡᠷᠡᠭᠲᠡᠶ ᠭᠡᠵᠡᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号