ᠠᠷᠤ ᠬᠤᠷᠴᠢᠨ ᠬᠤᠰᠢᠭᠤᠨ ᠤ ᠳᠣᠲᠤᠭᠠᠳᠣ ᠶᠢ ᠬᠠᠮᠠᠭᠠᠯᠠᠬᠤ ᠰᠠᠯᠠᠭ᠎ᠠ ᠮᠦᠴᠢᠷ ︽ᠭᠤᠷᠪᠠ ᠶᠢ ᠴᠢᠩᠭᠠᠳᠬᠠᠵᠤ︾ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ ᠪᠠᠬᠢᠵᠢᠭᠦᠯᠵᠦ ᠪᠣᠢ
ᠨᠡᠶᠢᠲᠡᠯᠡᠭᠰᠡᠨ ᠴᠠᠭ᠄
2021/10/28
     ᠠᠷᠤ ᠬᠤᠷᠴᠢᠨ ᠬᠤᠰᠢᠭᠤᠨ ᠤ ᠳᠣᠲᠤᠭᠠᠳᠣ ᠶᠢ ᠬᠠᠮᠠᠭᠠᠯᠠᠬᠤ ᠰᠠᠯᠠᠭ᠎ᠠ ᠮᠦᠴᠢᠷ ︽ᠭᠤᠷᠪᠠ ᠶᠢ ᠴᠢᠩᠭᠠᠳᠬᠠᠵᠤ︾ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ ᠪᠠᠬᠢᠵᠢᠭᠦᠯᠵᠦ ᠪᠣᠢ᠃ ᠨᠢᠭᠡ ᠳᠤ ᠰᠤᠷᠭᠠᠭᠤᠯᠢ ᠶᠢᠨ ᠬᠦᠷᠢᠶᠡᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠬᠥᠮᠦᠵᠢᠯ ᠤᠨ ᠠᠭᠤᠷ ᠠᠮᠢᠰᠬᠤᠯ ᠢ ᠪᠤᠢ ᠪᠣᠯᠭᠠᠪᠠ᠃ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠢ ᠰᠡᠷᠭᠡᠶᠢᠯᠡᠬᠦ᠂ ᠬᠡᠤᠬᠡᠳ ᠤᠨ ᠥᠪᠡᠷ ᠢ ᠪᠠᠨ ᠬᠠᠮᠠᠭᠠᠯᠠᠬᠤ — ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ᠂ ︽ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠵᠦ᠂ ᠰᠤᠷᠭᠠᠭᠤᠯᠢ ᠳᠤ ᠪᠠᠶᠢᠭ᠎ᠠ ᠥᠷᠭᠡᠨ ᠣᠯᠠᠨ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠪᠡ᠃ ᠬᠤᠶᠠᠷ ᠲᠤ᠂ ᠰᠤᠷᠭᠠᠭᠤᠯᠢ ᠶᠢᠨ ᠰᠣᠷᠣᠭᠴᠢ ᠪᠠᠨ ᠬᠠᠮᠠᠭᠠᠯᠠᠬᠤ ᠠᠵᠢᠯ ᠤᠨ ᠪᠠᠶᠢᠷᠢ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠶᠠᠲᠤ ᠣᠷᠣᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠡᠭᠦᠳᠡᠨ ᠳᠤ ᠰᠣᠷᠣᠭᠴᠢ ᠬᠠᠮᠠᠭᠠᠯᠠᠬᠤ ᠠᠵᠢᠯ ᠤᠨ ᠪᠠᠶᠢᠷᠢ ᠭᠠᠷᠭᠠᠬᠤ ᠶᠢᠨ ᠬᠠᠮᠲᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠲᠣᠭᠤᠷᠢᠨ ᠴᠠᠭᠳᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠳᠠᠯᠳᠠ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠪᠦᠲᠦᠮᠵᠢᠲᠡᠶ ᠪᠠᠷ ᠠᠶᠤᠯᠭᠠᠨ ᠰᠦᠷᠳᠡᠭᠦᠯᠵᠦ᠂ ᠥᠷᠭᠡᠨ ᠣᠯᠠᠨ ᠬᠡᠷ ᠤᠨ ᠠᠬᠠᠮᠠᠳ ᠪᠠ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠣᠭᠤᠮ ᠢ ᠪᠠᠲᠤᠳᠬᠠᠪᠠ᠃ ᠣᠨᠴᠠᠭᠠᠶ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠬᠠᠷᠢᠶᠠᠲᠤ ᠣᠷᠣᠨ ᠤ ᠪᠠᠨ ᠨᠡᠯᠢᠶᠡᠳ ᠣᠯᠠᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠦᠷᠴᠦ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠪᠣᠳᠠᠲᠠᠶ ᠬᠡᠷᠡᠭ ᠤᠨ ᠵᠢᠱᠢᠶ᠎ᠡ ᠪᠠᠷ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠰᠤᠷᠤᠭᠴᠢᠳ ᠠᠶᠤᠯ ᠲᠦᠭᠰᠢᠭᠦᠷᠢ ᠳᠤ ᠤᠴᠠᠷᠠᠬᠤ ᠦᠶ᠎ᠡ ᠳᠤ ᠥᠪᠡᠷ ᠤᠨ ᠪᠡᠶ᠎ᠡ ᠶᠢᠨ ᠠᠮᠤᠷ ᠲᠦᠪᠰᠢᠨ ᠢᠶᠠᠨ ᠬᠡᠷᠬᠢᠨ ᠵᠥᠪ ᠢᠶᠠᠷ ᠬᠠᠮᠠᠭᠠᠯᠠᠬᠤ ᠲᠤᠬᠠᠶ ᠨᠠᠷᠢᠨ ᠬᠢᠨᠠᠮᠠᠭᠠᠶ ᠲᠠᠶᠢᠯᠪᠤᠷᠢᠯᠠᠨ ᠥᠭᠴᠦ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号