10 ᠰᠠᠷ᠎ᠠ ᠶᠢᠨ 27 ᠤ ᠡᠳᠦᠷ᠂ ᠪᠠᠯᠴᠢᠷᠣᠳ ᠰᠤᠮᠤ ᠠᠶᠤᠯᠭᠦᠶ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ᠶᠢᠨ ᠠᠶᠤᠯᠭᠦᠢ ᠦᠢᠯᠡᠳᠪᠦᠷᠢᠯᠡᠯ ᠢ ᠬᠤᠪᠢᠳᠠᠨ | ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠠᠩᠭᠢ ᠳᠠᠭᠠᠭᠤᠯᠤᠨ᠂ ᠰᠤᠮᠤ ᠶᠢᠨ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠨᠢ ᠳᠣᠲᠣᠭᠠᠳᠤ ᠶᠢ ᠬᠠᠮᠠᠭᠠᠯᠠᠬᠤ᠂ ᠦᠢᠯᠡᠳᠪᠦᠷᠢ ᠬᠤᠳᠠᠯᠳᠤᠭ᠎ᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶᠠᠲᠤ ᠣᠷᠣᠨ ᠤ ᠳᠣᠲᠣᠷᠠᠬᠢ ᠵᠣᠴᠢᠳ ᠤᠨ ᠪᠠᠭᠤᠳᠠᠯ᠂ ᠬᠤᠭᠤᠯᠠᠨ ᠭᠡᠷ᠂ | ᠰᠤᠷᠭᠠᠭᠤᠯᠢ᠂ ᠲᠣᠰᠣ ᠨᠡᠮᠡᠬᠦ ᠥᠷᠲᠡᠭᠡ᠂ ᠬᠡᠲᠦ ᠳᠡᠯᠭᠡᠭᠦᠷ᠂ ᠠᠵᠤ ᠠᠬᠤᠶᠢᠯᠠᠯ ᠵᠡᠷᠭᠡ ᠨᠢᠭᠡᠴᠢ ᠳᠤ ᠬᠦᠷᠴᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠪᠠᠷᠢᠮᠵᠢᠶ᠎ᠠ ᠳᠤ ᠬᠦᠷᠦᠭᠰᠡᠨ ᠡᠰᠡᠬᠦ᠂ | ᠢᠳᠡᠭᠡᠨ ᠤ ᠵᠦᠢᠯ ᠤᠨ ᠪᠠᠷᠢᠮᠵᠢᠶ᠎ᠡ ᠳᠤ ᠨᠡᠶᠢᠴᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠲᠣᠬᠢᠷᠠᠭᠤᠯᠤᠯᠲᠠ ᠶᠢᠨ | ᠪᠠᠷᠢᠮᠵᠢᠶ᠎ᠠ ᠳᠤ ᠬᠦᠷᠦᠭᠰᠡᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠠᠮᠤᠷ ᠲᠦᠪᠰᠢᠨ ᠪᠥᠭᠡᠳ | ᠦᠢᠯᠡᠳᠦᠯ ᠲᠠᠢ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ᠂ ᠡᠯ᠎ᠡ ᠨᠢᠭᠡᠴᠢ ᠶᠢ | ᠰᠡᠷᠭᠡᠶᠢᠯᠡᠨ ᠬᠠᠮᠠᠭᠠᠯᠠᠬᠤ᠂ ᠠᠷᠢᠭᠤᠳᠬᠠᠨ ᠠᠷᠢᠯᠭᠠᠬᠤ ᠶᠢ ᠠᠩᠬᠠᠷᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ | ᠠᠵᠢᠯ ᠢ ᠴᠤ ᠠᠩᠬᠠᠷᠴᠤ᠂ ᠰᠣᠨᠣᠷ ᠰᠡᠷᠡᠮᠵᠢ ᠪᠠᠨ ᠦᠴᠦᠬᠡᠨ ᠴᠤ ᠰᠤᠯᠠᠷᠠᠭᠤᠯᠵᠤ ᠪᠣᠯᠬᠤ ᠥᠬᠡᠶ ᠭᠡᠵᠦ | ᠱᠠᠭᠠᠷᠳᠠᠪᠠ᠃ | ᠪᠠᠶᠢᠴᠠᠭᠠᠬᠤ ᠶᠠᠪᠤᠴᠠ ᠳᠤ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ | ᠴᠢᠭᠯᠡᠭᠦᠯᠦᠨ᠂ ᠲᠤᠬᠠᠶ ᠶᠢᠨ ᠲᠠᠯᠠᠪᠤᠷ ᠲᠤᠨᠢ ᠵᠠᠯᠠᠷᠠᠭᠤᠯᠬᠤ ᠠᠷᠭ᠎ᠠ ᠬᠡᠮᠵᠢᠶ᠎ᠡ ᠳᠤᠷᠠᠳᠣᠭᠰᠠᠨ ᠪᠥᠭᠡᠳ ᠴᠡᠭᠴᠡᠯᠡᠨ | ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠬᠤᠯᠪᠤᠭᠳᠠᠬᠤ ᠨᠢᠭᠡᠴᠢ ᠶᠢ ᠵᠠᠷᠯᠢᠭᠳᠠᠵᠤ ᠪᠠᠶᠢᠭᠠᠳ | ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ | ᠰᠣᠭᠤᠭ ᠢ ᠡᠷᠡᠰ ᠠᠷᠢᠯᠭᠠᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ | ᠰᠠᠶᠢᠲᠤᠷ ᠬᠢᠬᠦ ᠶᠢ ᠴᠢᠬᠤᠯᠠᠴᠢᠯᠠᠬᠤ ᠶᠢᠨ ᠬᠠᠮᠲᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠡᠮ | ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠪᠠᠯᠴᠢᠷᠣᠳ ᠰᠤᠮᠤ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠳᠤ ᠠᠳᠡᠯ ᠭᠠᠷᠬᠤ ᠥᠬᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ ︵ᠭᠤᠤ ᠶᠤᠸᠠᠢ︶ |