ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ ᠪᠦᠲᠦᠭᠡᠨ ᠪᠠᠶᠢᠭᠤᠯᠤᠯᠲᠠ ᠶᠢᠨ ᠨᠢᠭᠡᠴᠡ᠂ ᠪᠠᠷᠢᠯᠭ᠎ᠠ ᠪᠠᠷᠢᠬᠤ | ᠨᠢᠭᠡᠴᠡ ᠪᠤᠶᠤ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠨᠢᠭᠡᠴᠡ ᠬᠤᠳᠠ ᠶᠢᠨ ᠪᠠᠷᠢᠯᠭ᠎ᠠ ᠶᠢᠨ ᠬᠤᠭ | ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠢ | ᠪᠦᠷᠢᠯᠳᠦᠭᠦᠯᠬᠦ ᠬᠡᠷᠡᠭᠲᠡᠶ᠄ ︵1︶ ᠪᠢᠴᠢᠭ ᠤᠨ ᠭᠤᠶᠤᠴᠢᠯᠠᠯ ︵ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ | ᠴᠠᠭ᠂ ᠵᠠᠮ ᠱᠤᠭᠤᠮ ᠪᠠ ᠰᠢᠢᠳᠪᠦᠷᠢᠯᠡᠬᠦ ᠭᠠᠵᠠᠷ ᠤᠨ ᠨᠡᠷᠡᠶᠢᠳᠦᠯ᠂ ᠪᠠᠷᠢᠯᠭ᠎ᠠ ᠪᠠᠷᠢᠬᠤ ᠨᠢᠭᠡᠴᠡ ᠬᠢᠭᠡᠳ | ᠲᠡᠭᠡᠭᠡᠪᠦᠷᠢ ᠶᠢᠨ ᠨᠢᠭᠡᠴᠡ ᠶᠢᠨ ᠲᠣᠭᠲᠠᠭᠠᠭᠰᠠᠨ ᠭᠡᠷ᠎ᠡ᠂ ᠪᠠᠷᠢᠯᠭ᠎ᠠ ᠶᠢᠨ ᠬᠤᠭ ᠨᠣᠪᠰᠢ ᠶᠢᠨ ᠭᠠᠵᠠᠷ ᠤᠨ ᠭᠠᠵᠠᠷ | ᠰᠢᠷᠣᠶ ᠶᠢᠨ ᠬᠡᠷᠡᠭᠯᠡᠯᠲᠡ ᠶᠢᠨ ᠭᠡᠷᠡᠴᠢ ᠪᠠᠭᠲᠠᠨ᠎ᠠ︶ ᠢ ᠲᠤᠰᠢᠶᠠᠨ᠎ᠠ᠃ ︵2︶ ᠬᠤᠭ ᠨᠣᠪᠰᠢ ᠶᠢᠨ ᠲᠠᠯᠠᠪᠠᠢ ᠶᠢᠨ | ᠬᠠᠪᠲᠠᠭᠠᠶ ᠶᠢᠨ ᠵᠢᠷᠤᠭ᠂ ᠲᠠᠯᠠᠪᠠᠢ ᠳᠤ ᠣᠷᠣᠬᠤ ᠵᠠᠮ ᠱᠣᠭᠤᠮ ᠤᠨ ᠲᠠᠶᠢᠯᠪᠤᠷᠢ ᠵᠢᠷᠤᠭ᠂ ᠡᠭᠦᠨ ᠲᠠᠢ | ᠲᠣᠬᠢᠷᠠᠯᠴᠠᠭᠰᠠᠨ ᠲᠠᠷᠬᠠᠭᠠᠨ ᠳᠡᠪᠢᠰᠬᠦ᠂ ᠪᠤᠯᠤᠳᠠᠬᠤ᠂ ᠲᠣᠭᠤᠰᠣ ᠠᠷᠢᠯᠭᠠᠬᠤ᠂ ᠭᠡᠷᠡᠯᠲᠦᠭᠦᠯᠬᠦ ᠵᠡᠷᠭᠡ ᠮᠠᠰᠢᠨ ᠪᠠ | ᠲᠥᠬᠦᠭᠡᠷᠦᠮᠵᠢ ᠲᠠᠢ ᠪᠠᠶᠢᠬᠤ᠂ ᠤᠰᠤ ᠵᠠᠯᠠᠬᠤ᠂ ᠭᠠᠯ ᠤᠨᠲᠠᠷᠠᠭᠠᠬᠤ ᠵᠡᠷᠭᠡ ᠲᠥᠬᠦᠭᠡᠷᠦᠮᠵᠢ ᠲᠠᠢ᠂ ᠪᠦᠷᠢᠨ | ᠲᠡᠭᠦᠯᠳᠡᠷ ᠣᠷᠴᠢᠨ ᠠᠬᠤᠶ ᠶᠢᠨ ᠡᠷᠡᠭᠦᠯ ᠬᠠᠮᠠᠭᠠᠯᠠᠯ ᠪᠠ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ ᠲᠠᠢ ᠪᠥᠭᠡᠳ | ᠪᠦᠲᠦᠮᠵᠢᠲᠡᠶ ᠬᠡᠷᠡᠭᠵᠢᠭᠦᠯᠦᠭᠳᠡᠬᠦ᠃ ︵3︶ ᠪᠠᠷᠢᠯᠭ᠎ᠠ ᠶᠢᠨ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ | ᠲᠥᠰᠦᠯ ᠪᠠ ᠬᠠᠶᠠᠭᠳᠠᠮᠠᠯ ᠪᠧᠲ᠋ᠣᠨ᠂ ᠲᠡᠮᠦᠷᠯᠢᠭ᠂ ᠮᠣᠳᠣᠨ ᠮᠠᠲ᠋ᠧᠷᠢᠶᠠᠯ ᠵᠡᠷᠭᠡ ᠶᠢ ᠬᠤᠷᠢᠶᠠᠨ ᠠᠪᠴᠤ ᠠᠰᠢᠭᠯᠠᠬᠤ | ᠲᠥᠰᠦᠯ ᠲᠠᠢ ᠪᠠᠶᠢᠬᠤ᠃ ︵4︶ ᠬᠠᠤᠯᠢ ᠶᠣᠰᠣᠨ ᠤ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ᠂ ᠲᠡᠷᠭᠡ ᠵᠢᠯᠤᠭᠤᠳᠬᠤ ᠦᠨᠡᠮᠯᠡᠯ ᠲᠠᠢ ᠪᠠᠶᠢᠬᠤ᠃ ︵5︶ ᠲᠡᠭᠡᠭᠡᠪᠦᠷᠢ ᠶᠢᠨ ᠲᠡᠷᠭᠡ ᠬᠥᠰᠬᠡ ᠶᠢᠨ | ᠡᠵᠡᠩᠨᠡᠯᠲᠡ᠂ ᠠᠮᠤᠷ ᠲᠦᠪᠰᠢᠨ᠂ ᠶᠠᠰᠤ ᠴᠢᠨᠠᠷ᠂ ᠠᠷᠠᠴᠢᠯᠠᠯᠲᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠦᠷᠢᠨ | ᠲᠡᠭᠦᠯᠳᠡᠷ ᠲᠦᠷᠢᠮ ᠲᠠᠢ ᠪᠥᠭᠡᠳ ᠪᠦᠲᠦᠮᠵᠢᠲᠡᠶ ᠬᠡᠷᠡᠭᠵᠢᠭᠦᠯᠦᠭᠳᠡᠬᠦ᠃ ︵6︶ ᠲᠡᠭᠡᠭᠡᠪᠦᠷᠢ ᠶᠢᠨ ᠲᠡᠷᠭᠡ | ᠬᠥᠰᠬᠡ ᠳᠤ ᠪᠦᠷᠢᠨ ᠨᠢᠭᠲᠠ ᠪᠢᠲᠡᠭᠦᠮᠵᠢᠯᠡᠭᠰᠡᠨ ᠲᠡᠭᠡᠭᠡᠪᠦᠷᠢ ᠶᠢᠨ ᠮᠠᠰᠢᠨ ᠲᠣᠨᠣᠭᠯᠠᠯ ᠪᠤᠶᠤ ᠨᠢᠭᠲᠠ | ᠪᠢᠲᠡᠭᠦᠮᠵᠢᠯᠡᠭᠰᠡᠨ ᠪᠦᠲᠡᠭᠡᠯᠭᠡ ᠶᠢᠨ ᠲᠣᠨᠣᠭᠯᠠᠯ ᠲᠠᠢ ᠪᠠᠶᠢᠵᠤ᠂ ᠠᠶᠠᠯᠠᠨ ᠶᠠᠪᠤᠬᠤ ᠵᠢᠴᠢ ᠠᠴᠢᠶᠠᠯᠠᠵᠤ | ᠪᠠᠭᠤᠯᠭᠠᠬᠤ ᠶᠢ ᠲᠡᠮᠳᠡᠭᠯᠡᠬᠦ ᠪᠠᠭᠠᠵᠢ ᠪᠠ ᠡᠭᠦᠨ ᠲᠠᠢ ᠲᠣᠬᠢᠷᠠᠯᠴᠠᠭᠰᠠᠨ ᠪᠠᠷᠢᠯᠭ᠎ᠠ ᠶᠢᠨ ᠬᠤᠭ ᠨᠣᠪᠰᠢ ᠶᠢ ᠲᠥᠷᠥᠯ | ᠬᠤᠪᠢᠶᠠᠨ ᠲᠡᠭᠡᠭᠡᠪᠦᠷᠢᠯᠡᠬᠦ ᠲᠥᠬᠦᠭᠡᠷᠦᠮᠵᠢ ᠲᠠᠢ ᠪᠠᠶᠢᠬᠤ ᠬᠡᠷᠡᠭᠲᠡᠶ᠃ ︵ᠬᠤᠶᠠᠷ︶ ᠥᠯᠥ ᠵᠥᠪᠰᠢᠶᠡᠷᠡᠭᠰᠡᠨ ᠪᠠᠶᠢᠳᠠᠯ | ᠄ 1 . ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2 . ᠭᠤᠶᠤᠴᠢᠯᠠᠭᠴᠢ ᠶᠢᠨ ᠳᠡᠪᠰᠢᠭᠦᠯᠦᠭᠰᠡᠨ | ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ | ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | ︽ᠪᠠᠲᠤᠲᠠᠢ ᠦᠯᠡᠳᠡᠭᠡᠬᠦ ᠴᠢᠬᠤᠯᠠᠲᠠᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠵᠠᠰᠠᠭ | ᠵᠠᠬᠢᠷᠭᠠᠨ ᠤ ᠵᠥᠪᠰᠢᠶᠡᠷᠡᠯ ᠲᠣᠭᠲᠠᠭᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ | 2004 ᠣᠨ ᠤ 6 ᠰᠠᠷ᠎ᠠ ᠶᠢᠨ 29 ᠤ ᠡᠳᠦᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 412 | ᠳ᠋ᠤᠭᠠᠷ ᠲᠣᠭᠠᠲᠤ᠂ 2009 ᠣᠨ ᠤ 1 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠪᠠ︶ ᠤᠨ | ᠳᠠᠭᠠᠯᠳᠤᠭᠤᠯᠤᠯ ᠤᠨ 101 ᠳ᠋ᠤᠭᠡᠷ ᠵᠤᠷᠪᠤᠰ᠄ ᠬᠤᠳᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ | ᠬᠢᠨᠠᠨ ᠵᠥᠪᠰᠢᠶᠡᠷᠡᠬᠦ᠂ ᠬᠡᠷᠡᠭᠵᠢᠭᠦᠯᠬᠦ ᠪᠠᠶᠢᠭᠤᠯᠭ᠎ᠠ᠄ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ | ᠥᠩᠭᠡ ᠲᠦᠷᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠦᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — | 50 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |