ᠬᠦᠯᠢᠶᠡᠨ ᠰᠢᠢᠳᠪᠦᠷᠢᠯᠡᠬᠦ ᠨᠥᠬᠦᠴᠡᠯ | ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠶᠢ ᠬᠥᠬᠢᠭᠦᠯᠦᠨ ᠱᠠᠩᠨᠠᠬᠤ ᠭᠡᠳᠡᠭ ᠨᠢ ᠦᠨ᠎ᠡ | ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠ | ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ᠂ ᠬᠠᠮᠲᠤ ᠨᠡᠶᠢᠲᠡ᠂ ᠮᠤᠵᠢ ︵ᠬᠤᠲᠠ︶ ᠪᠠ ᠴᠡᠷᠢᠭ ᠠᠩᠭᠢ ᠶᠢᠨ | ︽ᠪᠥᠬᠦ ᠤᠯᠤᠰ ᠤᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠶᠢ ᠬᠥᠬᠢᠭᠦᠯᠦᠨ ᠱᠠᠩᠨᠠᠬᠤ ᠠᠷᠭ᠎ᠠ ︵ | 2014 ᠣᠨ ᠳᠤ ᠵᠠᠰᠠᠪᠤᠷᠢ ᠣᠷᠣᠭᠤᠯᠤᠭᠰᠠᠨ︶︾ ᠶᠢ ᠦᠨᠳᠦᠰᠦᠯᠡᠨ ᠣᠯᠭᠤᠭᠰᠠᠨ ᠱᠠᠩᠨᠠᠯ ᠢ ᠵᠢᠭᠠᠵᠤ ᠪᠣᠶ᠄ ︵ | ᠨᠢᠭᠡ︶ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠱᠠᠩᠨᠠᠯ ᠤᠨ ᠭᠠᠤᠯᠢᠨ ᠱᠠᠩᠨᠠᠯ᠄ ᠰᠠᠶᠢᠨ | ᠳᠤᠷ᠎ᠠ ᠠᠴᠠ ᠪᠠᠨ ᠦᠨ᠎ᠡ ᠲᠥᠯᠥᠪᠦᠷᠢ ᠥᠬᠡᠶ ᠪᠠᠷ 20 ᠤᠳᠠᠭ᠎ᠠ ᠠᠴᠠ ᠳᠡᠭᠡᠭᠰᠢ ᠴᠢᠰᠤ ᠬᠠᠨᠳᠢᠪᠯᠠᠭᠰᠠᠳ᠃ ︵ | ᠬᠤᠶᠠᠷ︶ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠱᠠᠩᠨᠠᠯ ︵ | ᠨᠢᠭᠡ ᠣᠳᠣᠨ ᠲᠠᠰ ᠠᠴᠠ ᠭᠤᠷᠪᠠᠨ ᠣᠳᠣᠨ ᠲᠠᠰ︶᠄ ︽ᠨᠢᠭᠡ ᠣᠳᠣᠨ ᠲᠠᠰ︾᠂ ᠦᠨ᠎ᠡ ᠲᠥᠯᠥᠪᠦᠷᠢ | ᠥᠬᠡᠶ ᠪᠠᠷ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠴᠠᠭ ᠨᠢ 120 ᠴᠠᠭ ᠲᠤ | ᠬᠦᠷᠦᠭᠰᠡᠨ ᠰᠠᠶᠢᠨ ᠳᠤᠷ᠎ᠠ ᠶᠢᠨ ᠠᠵᠢᠯᠯᠠᠭᠴᠢ᠃ ︽ᠬᠤᠶᠠᠷ ᠣᠳᠣᠨ ᠲᠠᠰ︾᠂ ᠦᠨ᠎ᠡ ᠲᠥᠯᠥᠪᠦᠷᠢ ᠥᠬᠡᠶ ᠪᠠᠷ | ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠨᠡᠶᠢᠲᠡ ᠴᠠᠭ ᠨᠢ 240 ᠴᠠᠭ ᠲᠤ ᠬᠦᠷᠦᠭᠰᠡᠨ | ᠰᠠᠶᠢᠨ ᠳᠤᠷ᠎ᠠ ᠶᠢᠨ ᠠᠵᠢᠯᠯᠠᠭᠴᠢ᠃ ︽ᠭᠤᠷᠪᠠᠨ ᠣᠳᠣᠨ ᠲᠠᠰ︾᠂ ᠦᠨ᠎ᠡ ᠲᠥᠯᠥᠪᠦᠷᠢ ᠥᠬᠡᠶ ᠪᠠᠷ ᠴᠢᠰᠤ | ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠨᠡᠶᠢᠲᠡ ᠴᠠᠭ ᠨᠢ 360 ᠴᠠᠭ ᠭᠦᠷᠦᠭᠰᠡᠨ ᠰᠠᠶᠢᠨ | ᠳᠤᠷ᠎ᠠ ᠶᠢᠨ ᠠᠵᠢᠯᠯᠠᠭᠴᠢ ᠪᠣᠯᠤᠨ᠎ᠠ᠃ | | ᠲᠣᠭᠲᠠᠭᠠᠭᠰᠠᠨ ᠦᠨᠳᠦᠰᠦᠯᠡᠯ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾ ᠶᠢᠨ | ᠠᠷᠪᠠᠨ ᠳᠣᠯᠣᠳᠤᠭᠠᠷ ᠵᠤᠷᠪᠤᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠠᠴᠠ ᠴᠢᠰᠤ ᠬᠠᠨᠳᠢᠪᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠰᠠᠨ ᠪᠠ ᠴᠢᠰᠤ ᠬᠠᠨᠳᠢᠪᠯᠠᠬᠤ | ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠥᠬᠢᠭᠦᠯᠦᠨ ᠱᠠᠩᠨᠠᠨ᠎ᠠ᠃ | 2. ︽ᠪᠦᠬᠦ ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠶᠢ ᠬᠥᠬᠢᠭᠦᠯᠦᠨ | ᠱᠠᠩᠨᠠᠬᠤ ᠠᠷᠭ᠎ᠠ︾ ᠶᠢᠨ ᠬᠤᠶᠠᠳᠤᠭᠠᠷ ᠵᠤᠷᠪᠤᠰ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠶᠢ | ᠬᠥᠬᠢᠭᠦᠯᠦᠨ ᠱᠠᠩᠨᠠᠬᠤ ᠭᠡᠳᠡᠭ ᠪᠣᠯ ᠲᠤᠰ ᠲᠣᠭᠲᠠᠭᠠᠯ ᠢ ᠦᠨᠳᠦᠰᠦᠯᠡᠨ ᠦᠨ᠎ᠡ ᠲᠥᠯᠥᠪᠦᠷᠢ ᠦᠭᠡᠢ ᠪᠠᠷ ᠴᠢᠰᠤ | ᠬᠠᠨᠳᠢᠪᠯᠠᠬᠤ ᠠᠵᠢᠯᠯᠠᠭ᠎ᠠ ᠳᠤ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠ ᠬᠤᠪᠢ ᠨᠡᠮᠡᠷᠢ ᠦᠵᠡᠭᠦᠯᠦᠭᠰᠡᠨ | ᠬᠤᠪᠢ ᠬᠥᠮᠦᠨ᠂ ᠬᠠᠮᠲᠤ ᠨᠡᠶᠢᠲᠡ᠂ ᠮᠤᠵᠢ ︵ᠬᠤᠳᠠ︶ ᠪᠠ ᠴᠡᠷᠢᠭ ᠠᠩᠬᠢ ᠳᠤ ᠣᠯᠭᠤᠭᠰᠠᠨ ᠬᠥᠬᠢᠭᠦᠯᠦᠯ ᠢ | ᠵᠢᠭᠠᠵᠤ ᠪᠠᠶᠢᠨ᠎ᠠ᠃ | ᠳᠥᠷᠪᠡᠳᠦᠭᠡᠷ ᠵᠤᠷᠪᠤᠰ᠂ ᠤᠯᠤᠰ ᠤᠨ ᠲᠡᠰ ᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠬᠤᠶᠠᠷ | ᠵᠢᠯ ᠳᠤ ᠨᠢᠭᠡ ᠤᠳᠠᠭ᠎ᠠ ᠶᠠᠪᠤᠭᠳᠠᠭᠤᠯᠤᠨ᠎ᠠ᠃ | ᠁ ᠁ ︵ᠪᠦᠬᠦ ᠠᠭᠤᠯᠭ᠎ᠠ︶ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠦᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — | 50 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |