ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠣᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ᠃ 2. ᠭᠤᠶᠤᠴᠢᠯᠠᠭᠴᠢ ᠶᠢᠨ | ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. | ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ | ᠭᠦᠢᠴᠡᠳᠬᠡᠬᠦ ᠳᠤ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠪᠤᠶᠤ | ᠨᠥᠬᠦᠪᠥᠷᠢᠯᠡᠭᠦᠯᠬᠦ ᠪᠠᠷ ᠱᠠᠭᠠᠷᠳᠠᠭᠰᠠᠨ ᠢ ᠪᠦᠷᠢᠨ ᠭᠦᠢᠴᠡᠳ ᠬᠠᠩᠭᠠᠭᠰᠠᠨ ᠪᠠᠶᠢᠬᠤ᠃ 4. ᠳᠣᠭᠢᠷᠠᠭᠤᠯᠬᠤ ᠪᠠᠷ | ᠭᠤᠶᠤᠴᠢᠯᠠᠭᠰᠠᠨ ᠭᠠᠳᠠᠨᠠᠬᠢ ᠵᠠᠷ ᠮᠡᠳᠡᠭᠡ ︵ᠫᠠᠶᠢᠰᠠ ᠢᠯᠡᠷᠬᠡᠶᠢᠯᠡᠯ︶ ᠨᠢ ᠬᠤᠲᠠ ᠶᠢᠨ ᠲᠣᠭᠤᠷᠢᠭ ᠤᠨ ᠵᠡᠭᠡᠯᠢ | ᠭᠤᠳᠤᠮᠵᠢ ᠶᠢᠨ ᠦᠵᠡᠮᠵᠢ ᠲᠠᠢ ᠵᠣᠬᠢᠴᠠᠯᠳᠤᠨ ᠨᠢᠭᠡᠳᠴᠦ᠂ ᠠᠭᠤᠯᠭ᠎ᠠ ᠨᠢ ᠡᠷᠡᠭᠦᠯ ᠴᠢᠭᠢᠷᠠᠭ᠂ ᠭᠠᠳᠠᠷ ᠪᠠᠶᠢᠳᠠᠯ ᠨᠢ | ᠬᠡᠭᠡᠨᠴᠢᠷ ᠲᠠᠩᠰᠤᠭ ᠪᠠᠶᠢᠵᠤ᠂ ᠬᠤᠲᠠ ᠶᠢᠨ ᠥᠩᠭᠡ ᠲᠦᠷᠬᠦ ᠶᠢ ᠨᠥᠯᠥᠭᠡᠯᠡᠬᠦ ᠥᠬᠡᠶ᠃ ︵ᠬᠤᠶᠠᠷ︶ ᠥᠯᠥ | ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ | ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ | ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ ᠪᠠᠶᠢᠬᠤ᠃ 3. ᠭᠡᠷ ᠤᠨ ᠭᠠᠳᠠᠨᠠᠬᠢ ᠵᠠᠷ | ᠮᠡᠳᠡᠭᠡ ︵ᠫᠠᠶᠢᠰᠠ ᠢᠯᠡᠷᠬᠡᠶᠢᠯᠡᠯ︶ ᠨᠢ ᠬᠤᠳᠠ ᠶᠢᠨ ᠥᠩᠭᠡ ᠲᠦᠷᠬᠦ ᠶᠢ ᠨᠥᠯᠥᠭᠡᠯᠡᠭᠰᠡᠨ᠃ ︵ᠭᠤᠷᠪᠠ︶ | ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ | ᠥᠭᠡᠢ᠃ | | ᠲᠣᠭᠲᠠᠭᠠᠭᠰᠠᠨ ᠦᠨᠳᠦᠰᠦᠯᠡᠯ | ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠳᠦᠷᠢᠮ︾ ︵1992 ᠣᠨ ᠤ 6 ᠰᠠᠷ᠎ᠠ ᠶᠢᠨ 28 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | 101 ᠳ᠋ᠤᠭᠡᠷ ᠲᠣᠭᠠᠲᠤ᠂ 2011 ᠣᠨ ᠤ 1 ᠰᠠᠷ᠎ᠠ ᠶᠢᠨ 1 ᠤ ᠡᠳᠦᠷ ᠵᠠᠰᠠᠪᠤᠷᠢ ᠣᠷᠣᠭᠤᠯᠪᠠ︶ ᠤᠨ ᠠᠷᠪᠠᠨ | ᠨᠢᠭᠡᠳᠦᠭᠡᠷ ᠵᠤᠷᠪᠤᠰ᠂ ᠁ ᠁ ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠵᠠᠷ ᠭᠠᠷᠭᠠᠬᠤ ᠳᠠᠭᠠᠨ ᠡᠷᠬᠡᠪᠰᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠤ | ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠤᠷᠪᠤᠰ᠂ ᠁ ᠁ ᠨᠢᠭᠡᠴᠢ ᠪᠠ ᠬᠤᠪᠢ ᠬᠥᠮᠦᠨ ᠬᠤᠳᠠ ᠶᠢᠨ ᠪᠠᠷᠢᠯᠭ᠎ᠠ᠂ | ᠲᠥᠬᠦᠭᠡᠷᠦᠮᠵᠢ ᠳᠡᠭᠡᠷ᠎ᠡ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠡᠯᠭᠦᠬᠦ᠂ ᠨᠠᠭᠠᠬᠤ ᠳᠤ ᠡᠷᠬᠡᠪᠰᠢ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ | ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — 50 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |