ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠠᠬᠢᠯᠲᠠ ᠶᠢᠨ ᠬᠡᠯᠪᠡᠷᠢ ᠶᠢᠨ ᠭᠤᠤᠯ ᠰᠡᠳᠦᠪᠲᠦ  ᠤᠬᠠᠭᠤᠯᠭ᠎ᠠ  ᠬᠥᠮᠦᠵᠢᠯ  ᠤᠨ ᠰᠠᠷ᠎ᠠ ᠶᠢᠨ ᠠᠵᠢᠯᠯᠠᠭᠠᠨ ᠤ ᠤᠷᠳᠤᠮᠵᠢ ᠶᠢᠨ ᠪᠦᠳᠦᠮᠵᠢᠳᠦ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2021/11/1
       ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ      ︽ᠠᠵᠢᠯᠯᠠᠭᠠᠨ ᠢᠶᠠᠷ ᠠᠷᠢᠭᠤᠨ ᠴᠢᠬᠡᠴᠢ ᠶᠢ ᠠᠬᠢᠭᠤᠯᠬᠤ︾ ︽ᠰᠣᠶᠣᠯ ᠢᠶᠠᠷ ᠠᠷᠢᠭᠤᠨ ᠴᠢᠬᠡᠴᠢ ᠶᠢ      ᠳᠡᠯᠭᠡᠷᠡᠬᠦᠯᠬᠦ︾ ᠣᠶᠢᠯᠠᠭᠠᠭᠳᠠᠬᠤᠨ ᠢ ᠪᠠᠷᠢᠮᠲᠠᠯᠠᠵᠤ᠂ 2007 ᠣᠨ ᠠᠴᠠ ᠡᠬᠢᠯᠡᠨ᠂ ᠵᠢᠯ ᠪᠦᠷᠢ ᠨᠢᠭᠡ ᠰᠠᠷ᠎ᠠ ᠶᠢᠨ ᠴᠠᠭ ᠢ ᠠᠰᠢᠭᠯᠠᠵᠤ᠂ ᠪᠥᠬᠦ ᠬᠤᠰᠢᠭᠤᠨ ᠳᠤ ᠨᠠᠮ ᠤᠨ ᠰᠤᠷᠲᠠᠯ ᠴᠢᠬᠡᠴᠢ ᠵᠠᠰᠠᠭ ᠤᠨ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠦᠷᠨᠢᠭᠦᠯᠵᠦ᠂ ᠤᠳᠦ ᠪᠣᠯᠳᠠᠯ᠎ᠠ  15 ᠵᠢᠯ  ᠪᠠᠷᠢᠮᠳᠠᠯᠠᠭᠰᠠᠭᠠᠷ ᠢᠷᠡᠪᠡ᠃  ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠢ ᠴᠢᠩᠭᠠᠳᠬᠠᠵᠤ  ᠂ ᠦᠵᠡᠯ ᠰᠠᠨᠠᠭᠠᠨ ᠤ ᠲᠤᠳᠠᠭᠤᠳᠠᠯ ᠢᠶᠠᠨ ᠨᠦᠬᠦᠪᠤᠷᠢᠯᠡᠬᠦ ᠪᠠᠷ ᠳᠠᠮᠵᠢᠨ᠂ ︽ᠠᠷᠢᠭᠤᠨ ᠴᠢᠬᠡᠴᠢ ᠶᠢ ᠦᠢᠯᠠᠭᠠᠬᠤ᠂ ᠠᠷᠢᠭᠤᠨ ᠴᠢᠬᠡᠴᠢ ᠶᠢ ᠲᠡᠭᠡᠳᠤᠯᠡᠬᠦ᠂ ᠠᠷᠢᠭᠤᠨ ᠴᠢᠬᠡᠴᠢ ᠶᠢ ᠤᠬᠠᠭᠤᠯᠬᠤ᠂ ᠠᠷᠢᠭᠤᠨ ᠴᠢᠬᠡᠴᠢ ᠠᠴᠠ ᠰᠤᠷᠤᠯᠴᠠᠬᠤ︾ ᠶᠢ ᠪᠥᠬᠦ ᠬᠤᠰᠢᠭᠤᠨ ᠤ ᠬᠡᠪ ᠰᠤᠷᠲᠠᠯ ᠪᠣᠯᠭᠠᠵᠤ ᠪᠤᠢ  ᠃        ᠭᠤᠤᠯ ᠰᠡᠳᠦᠪ ᠢ ᠤᠷᠠᠨ ᠢᠶᠠᠷ ᠲᠣᠭᠲᠠᠭᠠᠵᠤ᠂ ᠠᠵᠢᠯ ᠤᠨ ᠭᠤᠣᠯᠳᠠᠯᠭ᠎ᠠ ᠪᠠᠨ ᠤᠨᠤᠪᠴᠢᠲᠠᠢ  ᠢᠯᠡᠷᠡᠭᠦᠯᠪᠡ᠃
       ︽ᠠᠷᠠᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ︾᠂ ︽ᠨᠠᠮ ᠤᠨ ᠰᠠᠬᠢᠯᠭ᠎ᠠ ᠪᠠᠲᠤ ᠶᠢ ᠴᠢᠩᠭᠠᠳᠬᠠᠨ᠂ ᠰᠤᠷᠲᠠᠯ ᠢ  ᠴᠡᠭᠴᠡᠯᠡᠵᠦ᠂ ᠬᠡᠪ ᠳᠠᠭᠤᠷᠢᠶᠠᠯ ᠪᠣᠯᠬᠤ︾᠂ ︽ᠠᠷᠢᠭᠤᠨ ᠴᠢᠬᠡᠴᠢ ᠪᠣᠳᠠᠲᠠᠶ ᠶᠢ ᠡᠷᠬᠢᠮᠯᠡᠨ ᠣᠭ ᠴᠢᠨᠠᠷ ᠢᠶᠠᠨ ᠬᠠᠳᠠᠭᠠᠯᠠᠵᠤ᠂  ᠬᠢᠨᠠᠮᠠᠭᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠰᠢᠨ᠎ᠡ ᠬᠠᠭᠤᠳᠠᠰᠤ ᠶᠢ ᠪᠢᠴᠢᠭᠯᠡᠬᠦ︾᠂ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠠᠷᠢᠭᠤᠨ ᠴᠢᠬᠡᠴᠢ ᠣᠭ ᠴᠢᠨᠠᠷ ᠢᠶᠠᠨ ᠡᠭᠦᠷᠢᠳᠡ ᠪᠠᠲᠤᠯᠠᠬᠤ︾ ᠪᠣᠯ ᠣᠶᠢᠷ᠎ᠠ ᠶᠢᠨ ᠬᠡᠳᠦᠨ ᠵᠢᠯ ᠤᠨ ᠲᠤᠷᠰᠢᠬᠢ ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠢᠯ ᠪᠦᠷᠢ ᠶᠢᠨ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠭᠤᠤᠯ ᠰᠡᠳᠦᠪ ᠪᠣᠯᠤᠨ᠎ᠠ᠃        ᠵᠢᠯ ᠳᠤ ᠨᠢᠭᠡ ᠤᠳᠠᠭ᠎ᠠ ᠤᠬᠠᠭᠤᠯᠭ᠎ᠠ ᠬᠥᠮᠦᠵᠢᠯ ᠤᠨ ᠰᠠᠷ᠎ᠠ᠂ ᠵᠢᠯ ᠪᠣᠯᠭᠠᠨ ᠠᠳᠠᠯᠢ ᠪᠤᠰᠤ ᠨᠢᠭᠡ ᠭᠤᠤᠯ ᠰᠡᠳᠦᠪ ᠲᠠᠢ᠃ ᠡᠨᠡ ᠨᠢ ᠵᠢᠯ ᠪᠦᠷᠢ ᠶᠢᠨ ︽ᠤᠬᠠᠭᠤᠯᠭ᠎ᠠ ᠬᠥᠮᠦᠵᠢᠯ ᠤᠨ ᠰᠠᠷ᠎ᠠ︾ ᠶᠢᠨ ᠭᠤᠤᠯᠳᠠᠯᠭ᠎ᠠ ᠶᠢ ᠳᠣᠪᠤᠶᠢᠯᠭᠠᠭᠰᠠᠨ ᠤ ᠬᠠᠮᠲᠤ ᠠᠵᠢᠯᠯᠠᠭ᠎ᠠ ᠶᠢᠨ ᠦᠷᠭᠦᠯᠵᠢᠯᠡᠬᠦ ᠴᠢᠨᠠᠷ ᠢ ᠢᠯᠡᠷᠡᠭᠦᠯᠵᠡᠶ᠃ ᠵᠢᠯ ᠪᠦᠷᠢ ᠶᠢᠨ ᠭᠤᠤᠯ ᠰᠡᠳᠦᠪ ᠨᠢ ᠲᠤᠬᠠᠶ ᠶᠢᠨ ᠵᠢᠯ ᠤᠨ ᠭᠤᠤᠯ ᠡᠭᠦᠷᠭᠡ ᠲᠠᠢ ᠨᠢᠭᠡᠳᠦᠯᠲᠡᠶ ᠪᠠᠶᠢᠵᠤ᠂ ᠴᠠᠭ ᠦᠶ᠎ᠡ ᠶᠢᠨ ᠣᠨᠴᠠᠯᠢᠭ ᠪᠠ ᠠᠵᠢᠯ ᠤᠨ ᠭᠤᠤᠯᠳᠠᠯᠭ᠎ᠠ ᠶᠢ ᠣᠨᠣᠪᠴᠢᠲᠠᠶ ᠢᠯᠡᠷᠡᠭᠦᠯᠦᠭᠰᠡᠨ ᠪᠠᠶᠢᠨ᠎ᠠ᠃ ᠭᠤᠣᠯ ᠰᠡᠳᠦᠪ ᠤᠨ ᠤᠳᠬ᠎ᠠ ᠰᠠᠨᠠᠭ᠎ᠠ ᠨᠢ ᠣᠨᠣᠪᠴᠢᠲᠠᠢ᠂ ᠰᠡᠳᠬᠢᠮᠵᠢ ᠨᠢ ᠰᠢᠨ᠎ᠡ ᠰᠣᠷᠭᠤᠭ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠯ ᠪᠦᠷᠢ ᠶᠢᠨ ᠭᠤᠣᠯ ᠰᠡᠳᠦᠪ ᠢ ᠴᠥᠮ ᠥᠷᠭᠡᠨ ᠢᠶᠠᠷ ᠴᠤᠭᠯᠠᠭᠤᠯᠬᠤ᠂ ᠱᠠᠳᠤ ᠱᠠᠳᠤ ᠪᠠᠷ ᠰᠢᠯᠢᠨ ᠰᠣᠩᠭᠤᠬᠤ  ᠂ ᠭᠤᠣᠯ ᠤᠳᠤᠷᠢᠳᠤᠯᠭ᠎ᠠ ᠨᠠᠷᠢᠨ ᠨᠢᠮᠪᠠᠢ ᠰᠤᠳᠤᠯᠬᠤ᠂ ᠲᠠᠬᠢᠨ ᠳᠠᠪᠲᠠᠨ ᠲᠤᠩᠭᠠᠨ ᠵᠠᠰᠠᠬᠤ ᠶᠢ ᠴᠢᠬᠤᠯᠠᠴᠢᠯᠠᠪᠠ  ᠃        ᠤᠷᠢᠳᠠᠪᠠᠷ ᠰᠤᠷᠭᠠᠨ ᠬᠦᠮᠦᠵᠬᠦᠯᠵᠦ  ᠂ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠪᠡ  ᠃
       ᠵᠢᠯ ᠪᠦᠷᠢ ᠶᠢᠨ ᠤᠬᠠᠭᠤᠯᠭ᠎ᠠ ᠬᠥᠮᠦᠵᠢᠯ ᠤᠨ ᠰᠠᠷ᠎ᠠ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠥᠮ ︽ᠲᠣᠭᠲᠠᠮᠠᠯ  ᠠᠵᠢᠯᠯᠠᠭ᠎ᠠ︾ ᠶᠢᠨ ᠬᠤᠪᠢ ᠪᠠᠷ ᠵᠢᠯ ᠳᠠᠷᠠᠭᠠᠯᠠᠨ ᠥᠷᠨᠢᠭᠦᠯᠵᠦ ᠪᠠᠶᠢᠨ᠎ᠠ᠃ ︽ᠨᠢᠭᠡᠳᠦᠭᠡᠷ ᠭᠠᠷ︾ ᠤᠨ ᠴᠢᠬᠡᠴᠢ ᠵᠠᠰᠠᠭ ᠤᠨ ᠨᠠᠮ ᠤᠨ ᠬᠢᠴᠢᠶᠡᠯ ᠨᠢ ᠲᠡᠭᠦᠨ ᠤ ᠳᠣᠲᠣᠷᠠᠬᠢ ᠨᠢᠭᠡᠨ ᠰᠣᠳᠣᠨ ᠬᠢᠴᠢᠶᠡᠯ ᠪᠣᠯᠤᠭᠰᠠᠨ ᠤ ᠬᠤᠪᠢ ᠳᠤ ᠮᠠᠰᠢ ᠰᠠᠶᠢᠨ ᠦᠷ᠎ᠡ ᠪᠦᠲᠦᠮᠵᠢ ᠣᠯᠵᠠᠶ᠃ ᠠᠵᠢᠯᠯᠠᠭ᠎ᠠ ᠳᠤᠮᠳᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ      ︽ᠨᠢᠭᠡᠳᠦᠭᠡᠷ ᠭᠠᠷ︾ ᠲᠦᠷᠦᠭᠦᠯᠡᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠦᠬᠦ ᠨᠠᠮ ᠤᠨ ᠭᠡᠰᠢᠭᠦᠨ ᠺᠠᠳ᠋ᠷ ᠪᠣᠯᠤᠨ ᠠᠵᠢᠯᠳᠠᠨ ᠠᠵᠢᠯᠴᠢᠨ ᠳᠤ ᠨᠠᠮ ᠤᠨ ᠬᠢᠴᠢᠶᠡᠯ ᠣᠷᠣᠵᠤ᠂ ᠵᠠᠭᠤᠨ ︽ᠨᠢᠭᠡᠳᠦᠭᠡᠷ ᠭᠠᠷ︾ ᠨᠠᠮ ᠤᠨ ᠬᠢᠴᠢᠶᠡᠯ ᠣᠷᠣᠵᠤ᠂ ᠲᠦᠮᠡᠨ ᠨᠠᠮ ᠤᠨ ᠭᠡᠰᠢᠭᠦᠨ ᠺᠠᠳ᠋ᠷ ᠪᠣᠯᠤᠨ ᠠᠵᠢᠯᠳᠠᠨ ᠠᠵᠢᠯᠴᠢᠨ ᠳᠤ ᠬᠥᠮᠦᠵᠢᠯ ᠬᠦᠷᠲᠡᠭᠡᠭᠰᠡᠨ ᠪᠠᠶᠢᠳᠠᠯ ᠢ ᠪᠤᠢ ᠪᠣᠯᠭᠠᠵᠤ᠂ ᠤᠳᠤᠷᠢᠳᠬᠤ ᠺᠠᠳ᠋ᠷ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠨᠥᠯᠥᠭᠡ ᠶᠢ ᠬᠠᠮᠲᠤ ᠳᠤᠨᠢ ᠬᠦᠷᠲᠡᠭᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ  ᠪᠤᠳᠠᠶᠢᠵᠢᠭᠤᠯᠬᠤ  ᠶᠢ ᠲᠦᠯᠬᠢᠨ ᠠᠬᠢᠭᠤᠯᠪᠠ᠃        ᠡᠭᠦᠨ ᠠᠴᠠ ᠭᠠᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠢ ᠦᠨᠳᠦᠰᠦᠯᠡᠨ ᠲᠤᠬᠠᠶ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ ᠡᠯ᠎ᠡ ᠲᠥᠷᠥᠯ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠦᠷᠨᠢᠭᠦᠯᠪᠡ︔ ᠣᠨ ᠤ ᠡᠯ᠎ᠡ ᠲᠥᠷᠥᠯ ᠤᠨ ᠴᠢᠬᠤᠯᠠ ᠣᠨᠣᠯ ᠴᠢᠭᠯᠡᠯᠲᠡ ᠲᠥᠷᠥ ᠶᠢᠨ ᠪᠣᠳᠣᠯᠭ᠎ᠠ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠣᠭᠤᠷᠢᠨ ᠳᠤ᠂ ᠲᠥᠪᠯᠡᠷᠡᠭᠦᠯᠦᠨ ᠰᠤᠷᠤᠯᠴᠠᠬᠤ᠂ ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠬᠤ᠂ ᠣᠯᠤᠯᠲᠠ ᠲᠥᠷᠥᠭᠳᠡᠯ ᠢᠶᠠᠨ ᠪᠢᠴᠢᠬᠦ ᠵᠡᠷᠭᠡ ᠠᠷᠭ᠎ᠠ ᠬᠡᠯᠪᠡᠷᠢ ᠪᠠᠷ ᠡᠯ᠎ᠡ ᠲᠥᠷᠥᠯ ᠤᠨ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠢ ᠵᠢᠯᠣᠭᠤᠳᠤᠨ ᠪᠠᠶᠢᠳᠠᠯ ᠢ ᠲᠣᠳᠣᠷᠬᠠᠶ ᠲᠠᠨᠢᠭᠤᠯᠵᠤ᠂ ᠡᠭᠦᠷᠭᠡ ᠶᠢ ᠨᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠ ᠢᠲᠡᠭᠡᠯ ᠵᠣᠷᠢᠭ ᠢ ᠨᠢ ᠪᠠᠲᠤᠳᠬᠠᠬᠤ ᠬᠡᠷᠡᠭᠲᠡᠶ᠃  ᠡᠭᠦᠨ ᠢᠶᠠᠷ ᠳᠠᠮᠵᠢᠨ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠤ ᠨᠠᠮᠴᠢ ᠴᠢᠨᠠᠷ ᠤᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃        ᠠᠴᠢᠶᠠᠯᠠᠪᠤᠷᠢ ᠪᠠᠨ ᠰᠢᠨᠡᠴᠢᠯᠠᠵᠤ᠂  ︽ᠠᠬᠢᠯᠳᠡ︾ ᠬᠡᠯᠪᠡᠷᠢ  ᠤᠨ ᠤᠬᠠᠭᠤᠯᠭ᠎ᠠ ᠶᠢᠨ ᠵᠠᠭᠪᠤᠷ ᠢᠶᠠᠨ ᠨᠢᠮᠪᠠᠢ ᠲᠤᠳᠤᠷᠬᠠᠶᠢᠯᠠᠨ ᠨᠠᠷᠢᠯᠢᠭ ᠲᠠᠶᠢᠯᠪᠤᠷᠢᠯᠠᠪᠠ᠃
       ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ   ᠨᠢ 2017 ᠣᠨ ᠳᠤ ᠴᠢᠬᠡᠴᠢ ᠵᠠᠰᠠᠭ ᠤᠨ ᠰᠡᠳᠤᠪᠳᠦ ᠱᠤᠭ ᠵᠢᠷᠤᠭ ᠤᠨ ᠰᠢᠯᠭᠠᠷᠠᠭᠤᠯᠤᠯᠲᠠ ᠶᠠᠪᠤᠭᠤᠯᠵᠤ᠂ 2018 ᠣᠨ ᠳᠤ᠂ ᠪᠦᠬᠦ ᠬᠤᠲᠠ ᠶᠢᠨ ︽ᠠᠷᠢᠭᠤᠨ ᠴᠢᠬᠡᠴᠢ ᠪᠠᠷ ᠵᠠᠰᠠᠭ ᠪᠠᠷᠢᠬᠤ ᠢᠷᠠᠭᠤ ᠰᠠᠶᠢᠬᠠᠨ ᠤᠯᠠᠭᠠᠨᠬᠠᠳᠠ︾ ᠴᠢᠬᠡᠴᠢ ᠵᠠᠰᠠᠭ ᠤᠨ ᠰᠣᠶᠣᠯ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠡᠷᠬᠢᠯᠡᠪᠡ︔ 2019 ᠣᠨ ᠳᠤ᠂ ︽ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠤᠭ ᠵᠣᠷᠢᠯᠳᠡ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠴᠢᠬᠡᠴᠢ ᠵᠠᠰᠠᠭ ᠤᠨ ᠺᠢᠨᠣ᠋ ᠶᠢᠨ ᠵᠠᠷ ᠤᠬᠠᠭᠤᠯᠭ᠎ᠠ ᠶᠢᠨ ᠵᠢᠷᠤᠭ  ᠢ ᠳᠡᠯᠭᠡᠨ ᠦᠵᠡᠭᠦᠯᠵᠤ᠂  2020 ᠣᠨ ᠳᠤ ᠴᠢᠬᠡᠴᠢ ᠵᠠᠰᠠᠭ  ᠤᠨ  ︽ᠦᠯᠢᠭᠡᠷ ︾ ᠤᠨ ᠤᠷᠤᠯᠳᠤᠭᠠᠨ ᠢ ᠡᠷᠬᠢᠯᠡᠪᠡ︔ 2021 ᠣᠨ ᠳᠤ ᠴᠢᠬᠡᠴᠢ ᠵᠠᠰᠠᠭ ᠤᠨ ᠣᠬᠤᠷ ᠸᠢᠳᠢᠣ᠋ ᠤᠷᠤᠯᠳᠤᠭᠠᠨ ᠢ ᠡᠷᠬᠢᠯᠡᠵᠦ᠂ ᠴᠠᠭ ᠦᠶ᠎ᠡ ᠶᠢᠨ ᠠᠯᠬᠤᠭ᠎ᠠ ᠳᠤ ᠵᠤᠬᠢᠴᠠᠭᠤᠯᠤᠨ᠂ ᠲᠠᠬᠦᠨ ᠢᠶᠠᠷ ᠴᠢᠬᠡᠴᠢ ᠵᠠᠰᠠᠭ ᠤᠨ  ᠤᠬᠠᠭᠤᠯᠭ᠎ᠠ ᠶᠢᠨ ᠠᠴᠢᠶᠠᠯᠠᠪᠤᠷᠢ  ᠪᠣᠯᠭᠠᠪᠠ  ᠃        ᠵᠢᠯ ᠪᠦᠷᠢ᠂ ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠴᠥᠮ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠨᠡᠶᠢᠭᠡᠮ ᠤᠨ ᠳᠡᠯᠭᠡᠷᠡᠵᠦ ᠪᠠᠶᠢᠭ᠎ᠠ ᠡᠯᠧᠮᠧᠨ᠋ᠲ ᠲᠠᠢ ᠵᠣᠷᠢᠭᠲᠠᠶ ᠪᠠᠷ ᠤᠶᠠᠯᠳᠤᠭᠤᠯᠤᠨ᠂ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠳᠤ ᠪᠠᠷᠢᠭᠳᠠᠬᠤ ᠥᠬᠡᠶ  ᠂ ᠤᠯᠠᠮᠵᠢᠯᠠᠯᠲᠤ ᠤᠬᠠᠭᠤᠯᠭ᠎ᠠ ᠬᠥᠮᠦᠵᠢᠯ ᠤᠨ ᠵᠠᠭᠪᠤᠷ ᠤᠨ ᠰᠠᠭᠤᠷᠢᠨ ᠳᠡᠭᠡᠷ᠎ᠡ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠣᠯᠢᠬᠤ ᠪᠤᠶᠤ ᠰᠢᠨᠡᠳᠬᠡᠵᠦ᠂ ︽ᠠᠬᠢᠯᠲᠠ︾ ᠬᠡᠯᠪᠡᠷᠢ ᠶᠢᠨ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠭᠤᠯᠤᠭᠳᠠᠬᠤᠨ ᠢ  ᠨᠠᠷᠢᠨ ᠨᠢᠮᠪᠡᠢ ᠲᠤᠳᠤᠷᠬᠠᠶᠢᠯᠠᠨ ᠨᠠᠷᠢᠯᠢᠭ ᠲᠠᠶᠢᠯᠪᠤᠷᠢ ᠬᠢᠳᠡᠭ᠃
       ︽ᠠᠭᠢᠨ ᠳᠠᠪᠰᠢᠬᠤ ᠪᠣᠯ ᠲᠠᠰᠤᠷᠠᠯᠲᠠ ᠥᠬᠡᠶ ᠭᠦᠨᠵᠡᠭᠡᠶᠢᠷᠡᠬᠦ ᠶᠠᠪᠤᠳᠠᠯ ᠮᠥᠨ᠂ ᠲᠠᠰᠤᠷᠠᠯᠲᠠ ᠥᠬᠡᠶ ᠰᠢᠨ᠎ᠡ ᠶᠢ ᠡᠭᠦᠳᠬᠦ ᠶᠠᠪᠤᠳᠠᠯ ᠮᠥᠨ︾᠃ ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠢᠨ᠎ᠡ ᠰᠡᠪᠡᠭᠦᠨ ᠠᠵᠢᠯᠯᠠᠭᠠᠨ ᠤ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠢᠳᠡᠪᠬᠢᠵᠢᠯ ᠢ ᠲᠠᠶᠢᠴᠢᠯᠠᠵᠤ᠂ ᠠᠵᠢᠯᠯᠯᠭᠠᠨ ᠳᠤ ᠣᠷᠣᠯᠴᠠᠬᠤ᠂ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠶᠠᠪᠤᠴᠠ ᠳᠤ ᠲᠡᠳᠠᠨ ᠤ ᠰᠠᠬᠢᠯᠭ᠎ᠠ ᠪᠠᠲᠤ ᠪᠠ ᠶᠣᠰᠣ ᠲᠦᠷᠢᠮ ᠤᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠵᠤ᠂ ︽ᠠᠷᠢᠭᠤᠨ ᠴᠢᠬᠡᠴᠢ ᠪᠠᠷ ᠵᠠᠰᠠᠭ ᠪᠠᠷᠢᠬᠤ  ︾ ᠦᠢᠯᠠᠭᠠᠭᠳᠠᠬᠤᠨ ᠢ ᠲᠠᠷᠢᠬᠢ ᠲᠣᠯᠣᠭᠠᠢ᠂ ᠰᠡᠳᠬᠢᠯ ᠵᠢᠷᠦᠭᠡᠨ ᠳᠤᠨᠢ ᠬᠠᠳᠠᠩᠰᠢᠭᠤᠯᠬᠤ ᠶᠢ ᠵᠣᠷᠢᠪᠠ᠃          ᠣᠶᠢᠯᠠᠭᠠᠭᠰᠠᠨ ᠢᠶᠠᠷ᠂ ᠠᠷᠤ ᠬᠤᠷᠴᠢᠨ ᠬᠤᠰᠢᠭᠤ ᠨᠠᠮ ᠤᠨ ᠰᠤᠷᠲᠠᠯ ᠴᠢᠬᠡᠴᠢ ᠵᠠᠰᠠᠭ ᠤᠨ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠬᠥᠮᠦᠵᠢᠯ ᠢ ᠨᠠᠮ ᠤᠨ ᠭᠡᠰᠢᠭᠦᠨ ᠺᠠᠳ᠋ᠷ ᠪᠣᠯᠤᠨ ᠦᠷᠭᠡᠨ ᠤᠯᠠᠨ ᠤᠯᠠᠨ ᠲᠦᠮᠡᠨ ᠳᠤ ᠵᠢᠯ ᠪᠦᠷᠢ ᠲᠦᠮᠡ ᠭᠠᠷᠤᠢ ᠬᠥᠮᠦᠨ ᠤᠳᠠᠭ᠎ᠠ  ᠬᠦᠷᠳᠡᠭᠡᠵᠦ᠂ ︽ᠠᠬᠢᠯᠳᠡ︾ ᠬᠡᠯᠪᠡᠷᠢ ᠶᠢᠨ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠤᠷᠳᠤᠮᠵᠢ ᠶᠢᠨ ᠪᠦᠳᠦᠮᠵᠢᠳᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠦᠬᠦ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠤᠬᠠᠭᠤᠯᠭ᠎ᠠ ᠬᠥᠮᠦᠵᠢᠯ ᠤᠨ ᠪᠠᠶᠢᠷᠢᠰᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠦᠬᠦ ᠬᠤᠰᠢᠭᠤᠨ ᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠤᠷᠴᠢᠨ ᠢ ᠪᠤᠢ ᠪᠣᠯᠭᠠᠬᠤ ᠳᠤ ᠦᠷᠭᠦᠯᠵᠢᠯᠡᠨ ᠰᠣᠶᠣᠯ ᠤᠨ ᠰᠢᠮ᠎ᠡ ᠲᠡᠵᠢᠭᠡᠯ ᠪᠣᠯᠤᠨ ᠡᠨᠧᠷᠭᠢ ᠬᠠᠩᠭᠠᠭᠰᠠᠨ ᠪᠠᠶᠢᠨ᠎ᠠ  ᠃ ︵ᠴᠡᠯᠮᠡᠭ᠂ ᠴᠡᠴᠡᠭ︶
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号