ᠠᠷᠤ ᠬᠤᠷᠴᠢᠨ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ ᠪᠠᠶᠢᠨ᠎ᠠ᠃ | ᠨᠢᠭᠡ ᠳᠤ᠂ ᠪᠣᠯᠪᠠᠰᠤᠷᠠᠯ ᠰᠣᠷᠢᠯᠲᠠ ᠶᠢ ᠴᠢᠩᠭᠠᠳᠬᠠᠪᠠ᠃ ᠪᠥᠬᠦ ᠬᠤᠰᠢᠭᠤᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠵᠢᠴᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠠᠯᠬᠤᠮ ᠳᠠᠷᠠᠭ᠎ᠠ ᠶᠢᠨ ᠪᠣᠯᠪᠠᠰᠤᠷᠠᠯ ᠤᠨ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 51 ᠬᠥᠮᠦᠨ ᠪᠣᠯᠪᠠᠰᠤᠷᠠᠯ ᠳᠤ ᠣᠷᠣᠯᠴᠠᠪᠠ᠃ ᠡᠯ᠎ᠡ ᠭᠠᠵᠠᠷ᠂ | ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ 2021 ᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠤᠨ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠤᠷ ᠤᠨ ᠶᠡᠷᠦᠩᠬᠡᠶᠢᠯᠡᠭᠰᠡᠨ | ᠰᠣᠷᠢᠯᠲᠠ ᠶᠢᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢ ᠲᠥᠪᠯᠡᠷᠡᠭᠦᠯᠦᠨ ᠦᠵᠡᠭᠦᠯᠵᠦ᠂ ᠪᠠᠴᠢᠮ ᠪᠠᠶᠢᠳᠠᠯ | ᠭᠠᠷᠪᠠᠯ ᠳᠠᠷᠤᠶ ᠲᠦᠷᠭᠡᠨ ᠠᠷᠭ᠎ᠠ ᠬᠡᠮᠵᠢᠶ᠎ᠡ ᠠᠪᠴᠤ᠂ ᠡᠷᠡᠰ ᠰᠢᠭᠤᠷᠬᠠᠶ ᠰᠢᠢᠳᠪᠦᠷᠢᠯᠡᠬᠦ ᠶᠢ ᠦᠨᠡᠨ ᠬᠦ | ᠪᠠᠲᠤᠯᠠᠪᠠ᠃ | ᠬᠤᠶᠠᠷ ᠲᠤ᠂ ᠪᠥᠬᠦ ᠠᠷᠠᠳ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠡᠯᠡᠳᠬᠡᠯ ᠠᠵᠢᠯ ᠢ ᠰᠠᠶᠢᠲᠤᠷ | ᠬᠢᠪᠡ᠃ ᠬᠠᠷᠢᠶᠠᠲᠤ ᠣᠷᠣᠨ ᠤ ᠳᠣᠲᠣᠷᠠᠬᠢ ᠬᠥᠮᠦᠨ ᠠᠮᠠ ᠶᠢᠨ ᠮᠡᠳᠡᠭᠡ ᠵᠠᠩᠭᠢ ᠶᠢ ᠪᠦᠷᠢᠳᠬᠡᠨ ᠣᠷᠣᠭᠤᠯᠬᠤ | ᠠᠵᠢᠯ ᠢ ᠥᠷᠨᠢᠭᠦᠯᠵᠦ᠂ ᠣᠳᠣᠬᠢ ᠱᠠᠲᠤᠨ ᠤ ᠪᠦᠷᠢᠳᠬᠡᠭᠰᠡᠨ ᠬᠥᠮᠦᠨ ᠤ ᠲᠤᠭ᠎ᠠ 226233 ᠬᠦᠷᠪᠡ᠃ 100 | ᠥᠯᠢᠭᠡᠷ ᠠᠪᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠲᠣᠭᠤᠷᠢᠭ ᠵᠢᠴᠢ ᠡᠯ᠎ᠡ ᠰᠤᠮᠤ ᠰᠢᠶᠠᠩ ᠪᠠᠯᠭᠠᠰᠤ ᠶᠢ | ᠵᠦᠶ ᠵᠣᠬᠢᠰᠲᠠᠶ ᠲᠥᠯᠥᠪᠵᠢᠭᠦᠯᠵᠦ᠂ ᠲᠣᠭᠲᠠᠮᠠᠯ ᠥᠯᠢᠭᠡᠷ ᠠᠪᠬᠤ ᠴᠡᠭ ᠲᠣᠭᠲᠠᠭᠠᠨ᠂ ᠬᠤᠰᠢᠭᠤᠨ ᠳᠣᠲᠣᠷ᠎ᠠ | ᠨᠡᠶᠢᠲᠡ 5 PCR ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠪᠠᠶᠢᠵᠤ᠂ 24 | ᠴᠠᠭ ᠤᠨ ᠡᠳᠦᠷ ᠤᠨ ᠬᠠᠮᠤᠭ ᠤᠨ ᠶᠡᠭᠡ ᠪᠠᠶᠢᠴᠠᠭᠠᠨ ᠰᠢᠯᠭᠠᠬᠤ ᠴᠢᠳᠠᠪᠤᠷᠢ ᠨᠢ 4758 ᠬᠥᠮᠦᠨ ᠪᠠᠶᠢᠵᠤ᠂ ᠨᠢᠭᠡ | ᠡᠳᠦᠷ ᠤᠨ 10 ᠶᠢ 1 ᠤᠳᠠᠭ᠎ᠠ ᠳᠤ ᠬᠤᠯᠢᠯᠳᠤᠭᠤᠯᠵᠤ ᠪᠠᠶᠢᠴᠠᠭᠠᠬᠤ ᠬᠠᠮᠤᠭ ᠤᠨ ᠶᠡᠭᠡ ᠪᠠᠶᠢᠴᠠᠭᠠᠨ ᠰᠢᠯᠭᠠᠬᠤ | ᠴᠢᠳᠠᠪᠤᠷᠢ ᠨᠢ 47580 ᠬᠥᠮᠦᠨ ᠪᠠᠶᠢᠵᠤ᠂ 2 ᠡᠳᠦᠷ ᠤᠨ ᠳᠣᠲᠣᠷ᠎ᠠ ᠲᠥᠪ ᠬᠤᠲᠠ ᠶᠢᠨ ᠲᠣᠭᠤᠷᠢᠭ ᠤᠨ ᠪᠥᠬᠦ | ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ ᠳᠡᠶᠢᠯᠦᠨ᠎ᠡ᠃ | ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢ ᠴᠢᠩᠭᠠᠳᠬᠠᠪᠠ᠃ ᠣᠲᠣ | ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠬᠠᠳᠠᠭᠠᠯᠠᠵᠤ ᠪᠠᠶᠢᠭ᠎ᠠ ᠠᠮᠠᠪᠴᠢ 62 ᠲᠦᠮᠡ᠂ ᠬᠠᠮᠠᠭᠠᠯᠠᠯᠲᠠ ᠶᠢᠨ | ᠬᠤᠪᠴᠠᠰᠤ 3.4 ᠲᠦᠮᠡᠨ ᠢᠵᠢ᠂ ᠪᠡᠭᠡᠯᠡᠶ 9.5 ᠲᠦᠮᠡᠨ ᠢᠵᠢ᠂ ᠬᠠᠮᠠᠭᠠᠯᠠᠯᠲᠠ ᠶᠢᠨ ᠬᠡᠷᠡᠭᠰᠡᠯ 9256᠂ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ 1.6 ᠲᠦᠮᠡᠨ ᠬᠤᠪᠢ ᠪᠠᠶᠢᠵᠤ᠂ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ 30 ᠡᠳᠦᠷ ᠤᠨ ᠡᠳ᠋ ᠪᠣᠳᠠᠰ ᠤᠨ ᠪᠠᠲᠤᠯᠠᠭ᠎ᠠ ᠶᠢ ᠬᠠᠩᠭᠠᠵᠤ | ᠲᠠᠶᠢᠯᠤᠨ᠎ᠠ︔ ᠪᠥᠬᠦ ᠬᠤᠰᠢᠭᠤᠨ ᠤ ᠨᠥᠭᠡᠴᠡ ᠠᠮᠤ ᠪᠤᠳᠠᠭ᠎ᠠ ᠪᠠᠷᠤᠭ 11200 ᠲᠣᠨ᠂ ᠢᠳᠡᠰᠢᠨ ᠲᠣᠰᠣ ᠪᠠᠷᠤᠭ | 260 ᠲᠣᠨ ᠪᠠᠶᠢᠵᠤ᠂ ᠪᠥᠬᠦ ᠬᠤᠰᠢᠭᠤᠨ ᠤ 3 ᠰᠠᠷ᠎ᠠ ᠶᠢᠨ ᠠᠮᠤ ᠪᠤᠳᠠᠭᠠᠨ ᠤ ᠬᠡᠷᠡᠭᠴᠡᠭᠡ ᠶᠢ ᠪᠠᠲᠤᠯᠠᠵᠤ | ᠲᠠᠶᠢᠯᠤᠨ᠎ᠠ᠃ | ᠲᠦᠷᠪᠡ ᠳᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠠᠮᠢᠶᠠᠷᠴᠤ ᠤᠯᠠᠨ ᠭᠠᠵᠠᠷ ᠲᠤ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠠᠳᠬᠤᠪᠠ᠃ ︽ᠬᠥᠮᠦᠨ᠂ ᠪᠣᠳᠠᠰ᠂ ᠣᠷᠴᠢᠨ | ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠤ ᠵᠣᠴᠢᠳ ᠤᠨ | ᠪᠠᠭᠤᠳᠠᠯ᠂ ᠬᠤᠭᠤᠯᠠᠨ ᠭᠡᠷ᠂ ᠬᠤᠳᠠᠯᠳᠤᠭᠠᠨ ᠤ ᠬᠡᠲᠦ ᠳᠡᠯᠭᠡᠭᠦᠷ᠂ ᠡᠮ ᠤᠨ ᠳᠡᠯᠭᠡᠭᠦᠷ᠂ ᠢᠳᠡᠭᠡᠨ ᠤᠮᠳᠠᠭᠠᠨ᠂ | KTV ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠵᠢᠯᠯᠠᠵᠤ ᠪᠠᠶᠢᠭ᠎ᠠ ᠬᠥᠮᠦᠰ ᠲᠤ ᠨᠡᠶᠢᠲᠡ 2100 ᠭᠠᠷᠤᠶ | ᠬᠥᠮᠦᠨ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠬᠦᠢᠲᠡᠨ ᠬᠡᠯᠬᠢᠶᠡᠲᠦ ᠢᠳᠡᠭᠡᠨ ᠤ ᠥᠯᠢᠭᠡᠷ | ᠡᠳ᠋ ᠢ 1761 ᠬᠤᠪᠢ ᠪᠠᠶᠢᠴᠠᠭᠠᠨ ᠰᠢᠯᠭᠠᠵᠤ᠂ ᠣᠷᠴᠢᠨ ᠲᠣᠭᠤᠷᠢᠨ ᠤ ᠪᠠᠶᠢᠴᠠᠭᠠᠨ ᠬᠡᠮᠵᠢᠯᠲᠡ ᠶᠢ 6625 | ᠬᠤᠪᠢ ᠬᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠴᠥᠮ ᠪᠢᠯᠢᠭ ᠴᠢᠨᠠᠷ ᠢᠯᠡᠷᠡᠪᠡ᠃ | |