ᠠᠷᠤ ᠬᠤᠷᠴᠢᠨ ᠬᠤᠰᠢᠭᠤ ︽ᠬᠡᠷ ᠪᠦᠯᠢ ᠪᠠ ᠰᠤᠷᠭᠠᠭᠤᠯᠢ ᠬᠠᠮᠲᠤᠷᠠᠯᠴᠠᠨ ᠬᠡᠦᠬᠡᠳ ᠤᠨ ᠦᠰᠦᠯᠲᠡ | ᠪᠤᠶᠢᠵᠢᠯᠲᠠ ᠶᠢ ᠠᠬᠢᠭᠤᠯᠬᠤ︾ ᠬᠡᠷ ᠪᠦᠯᠢ ᠶᠢᠨ ᠰᠤᠷᠭᠠᠨ ᠬᠥᠮᠦᠵᠢᠯ ᠤᠨ ᠲᠤᠷᠰᠢᠯᠭ᠎ᠠ ᠪᠠᠨ ᠰᠦᠯᠵᠢᠶᠡᠨ ᠳᠡᠭᠡᠷ᠎ᠡ | ᠬᠤᠪᠢᠶᠠᠯᠴᠠᠬᠤ ᠬᠤᠷᠠᠯ ᠡᠷᠭᠢᠯᠡᠪᠡ᠃ ᠲᠤᠷᠰᠢᠯᠭ᠎ᠠ ᠪᠠᠨ ᠬᠤᠪᠢᠶᠠᠯᠴᠠᠬᠤ ᠬᠤᠷᠠᠯ ᠨᠢ ᠰᠦᠯᠵᠢᠶᠡᠨ ᠳᠡᠭᠡᠷ᠎ᠡ | ᠶᠠᠪᠤᠭᠳᠠᠵᠤ᠂ ᠠᠷᠤ ᠬᠤᠷᠴᠢᠨ ᠬᠤᠰᠢᠭᠤ ᠨᠤᠲᠤᠭᠲᠠᠢ 5 ᠰᠢᠯᠢᠳᠡᠭ ᠰᠣᠷᠣᠭᠴᠢ ᠶᠢ ᠤᠷᠢᠵᠤ ᠬᠡᠷ ᠪᠦᠯᠢ ᠶᠢᠨ | ᠰᠤᠷᠭᠠᠨ ᠬᠥᠮᠦᠵᠢᠯ ᠤᠨ ᠦᠪᠡᠷ ᠲᠤ ᠨᠢ ᠦᠵᠡᠭᠦᠯᠦᠭᠰᠡᠨ ᠨᠥᠯᠥᠭᠡ ᠶᠢ ᠣᠯᠠᠨ ᠲᠠᠢ ᠬᠤᠪᠢᠶᠠᠯᠴᠠᠭᠤᠯᠤᠨ᠂ 4 | ᠰᠢᠯᠢᠳᠡᠭ ᠬᠡᠷ ᠤᠨ ᠠᠬᠠᠮᠠᠳ ᠠᠴᠠ ᠬᠡᠷ ᠪᠦᠯᠢ ᠶᠢᠨ ᠰᠤᠷᠭᠠᠨ ᠬᠥᠮᠦᠵᠢᠯ ᠤᠨ ᠲᠤᠷᠰᠢᠯᠭ᠎ᠠ ᠪᠠᠨ ᠬᠤᠪᠢᠶᠠᠯᠴᠠᠵᠤ᠂ | ᠣᠲᠣ ᠶᠢᠨ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠡᠤᠬᠡᠳ ᠤᠨ ︽ᠬᠤᠶᠠᠷ ᠢ ᠬᠦᠩᠭᠡᠷᠡᠭᠦᠯᠬᠦ︾ | ᠲᠥᠷᠥ ᠶᠢᠨ ᠪᠣᠳᠣᠯᠭ᠎ᠠ ᠶᠢᠨ ᠲᠤᠬᠠᠢ ᠦᠨᠡᠨ ᠰᠡᠳᠬᠢᠯ ᠤᠨ ᠦᠭᠡ ᠪᠠᠨ ᠢᠯᠡᠳᠬᠡᠭᠰᠡᠨ ᠪᠠᠶᠢᠨ᠎ᠠ᠃ |