ᠠᠷᠤ ᠬᠤᠷᠴᠢᠨ ᠬᠤᠰᠢᠭᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2021/11/1
     ᠠᠷᠤ ᠬᠤᠷᠴᠢᠨ ᠬᠤᠰᠢᠭᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃      ᠨᠢᠭᠡ ᠳᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ᠂ ᠢᠳᠡᠭᠡᠨ ᠤ ᠡᠵᠡᠩᠨᠡᠯᠲᠡ ᠶᠢᠨ ᠡᠷᠦᠬᠡ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠵᠤ᠂ ᠦᠨᠡᠮᠯᠡᠯ ᠪᠠ ᠪᠢᠯᠧᠲ ᠠᠪᠬᠤ᠂ ᠪᠣᠷᠣᠯᠠᠭᠤᠯᠬᠤ ᠦᠢᠯᠡᠳᠬᠦᠨ ᠤ ᠬᠢᠷᠢ ᠲᠡᠩᠴᠡᠭᠰᠡᠨ ᠭᠡᠷᠡᠴᠢ ᠪᠠ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ ᠶᠢ ᠬᠡᠷᠡᠭᠯᠡᠬᠦ ᠵᠡᠷᠭᠡ ᠭᠤᠭᠴᠤᠭ᠎ᠠ ᠶᠢ ᠴᠢᠩᠭ᠎ᠠ ᠪᠠᠶᠢᠴᠠᠭᠠᠪᠠ᠃      ᠬᠤᠶᠠᠷ ᠲᠤ᠂ ᠬᠠᠷᠢᠶᠠᠲᠤ ᠣᠷᠣᠨ ᠤ ᠡᠵᠡᠩᠨᠡᠯᠲᠡ ᠶᠢᠨ ᠬᠦᠢᠲᠡᠨ ᠬᠥᠮᠥᠷᠭᠡ ᠪᠠ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠯᠲᠡ ᠶᠢᠨ ᠨᠢᠭᠡᠴᠢ ᠳᠤ ᠪᠠᠶᠢᠴᠠᠭᠠᠯᠲᠠ ᠬᠢᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠯᠲᠡ ᠶᠢᠨ ᠨᠢᠭᠡᠴᠢ ᠶᠢᠨ ︽ᠨᠢᠭᠡ ᠬᠡᠯᠬᠢᠶ᠎ᠡ᠂ ᠭᠤᠷᠪᠠᠨ ᠲᠤᠰᠬᠠᠶ᠂ ᠳᠥᠷᠪᠡᠨ ᠦᠨᠡᠮᠯᠡᠯ︾ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠪᠠ᠃      ᠭᠤᠷᠪᠠ ᠳᠤ᠂ ᠬᠠᠷᠢᠶᠠᠲᠤ ᠣᠷᠣᠨ ᠤ ᠬᠤᠳᠠᠯᠳᠤᠭ᠎ᠠ ᠡᠵᠡᠩᠨᠡᠵᠦ ᠪᠠᠶᠢᠭ᠎ᠠ ᠡᠷᠦᠬᠡ ᠶᠢ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ ᠵᠠᠬ᠎ᠠ ᠳᠡᠯᠭᠡᠭᠦᠷ ᠨᠡᠭᠡᠭᠡᠭᠴᠢ ᠪᠠ ᠡᠵᠡᠩᠨᠡᠭᠴᠢ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠳᠡᠯᠭᠡᠭᠦᠷ ᠲᠤ ᠣᠷᠣᠬᠤ ᠳᠤ ᠳᠡᠩᠰᠡᠯᠡᠨ ᠲᠡᠮᠳᠡᠭᠯᠡᠬᠦ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠲᠠᠯᠠᠪᠤᠷ ᠭᠠᠵᠠᠷ ᠢ ᠠᠷᠢᠭᠤᠳᠬᠠᠨ ᠰᠠᠯᠬᠢ ᠨᠡᠪᠲᠡᠷᠡᠭᠦᠯᠬᠦ᠂ ᠨᠢᠭᠡ ᠮᠧᠲᠷ ᠤᠨ ᠠᠮᠤᠷ ᠲᠦᠪᠰᠢᠨ ᠤ ᠵᠠᠶ ᠶᠢ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠶᠢ ᠱᠠᠭᠠᠷᠳᠠᠪᠠ᠃ ᠡᠯ᠎ᠡ ᠡᠵᠡᠩᠨᠡᠯᠲᠡ ᠶᠢᠨ ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠪᠠ᠃      ᠲᠦᠷᠪᠡ ᠳᠤ᠂ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠵᠠᠬ᠎ᠠ ᠳᠡᠯᠭᠡᠭᠦᠷ ᠤᠨ ᠪᠠᠷᠠᠭᠠᠨ ᠤ ᠦᠨ᠎ᠡ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠡᠵᠡᠩᠨᠡᠯᠲᠡ ᠶᠢᠨ ᠨᠢᠭᠡᠴᠢ ᠶᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢ ᠶᠣᠰᠣᠭᠠᠷ ᠡᠵᠡᠩᠨᠡᠬᠦ ᠶᠢ ᠴᠢᠩᠳᠠᠯᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠦᠨ᠎ᠡ ᠬᠠᠩᠰᠢ ᠶᠢ ᠢᠯᠡ ᠲᠡᠮᠳᠡᠭᠯᠡᠵᠦ᠂ ᠦᠨ᠎ᠡ ᠬᠠᠩᠰᠢ ᠶᠢ ᠥᠰᠬᠡᠬᠦ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃      ᠣᠶᠢᠷ᠎ᠠ ᠶᠢᠨ ᠡᠳᠦᠷ ᠤᠳ ᠲᠤ᠂ ᠠᠷᠤ ᠬᠤᠷᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠬᠢᠨ ᠬᠠᠤᠯᠢ ᠬᠡᠷᠡᠭᠵᠢᠭᠦᠯᠦᠭᠴᠢ ᠶᠢ ᠨᠡᠶᠢᠲᠡ 262 ᠬᠥᠮᠦᠨ ᠤᠳᠠᠭ᠎ᠠ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ 126 ᠤᠳᠠᠭ᠎ᠠ ᠬᠥᠳᠡᠯᠭᠡᠵᠦ᠂ 437 ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠬᠢᠨᠠᠯᠲᠠ ᠪᠠᠶᠢᠴᠠᠭᠠᠯᠲᠠ ᠬᠢᠪᠡ᠂ ᠡᠭᠦᠨ ᠳᠤ᠂ ᠨᠡᠶᠢᠲᠡ 73 ᠡᠮ ᠤᠨ ᠳᠡᠯᠭᠡᠭᠦᠷ᠂ 262 ᠬᠤᠳᠠᠯᠳᠤᠭᠠᠨ ᠤ ᠳᠡᠯᠭᠡᠭᠦᠷ᠂ 4 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ 96 ᠢᠳᠡᠭᠡᠨ ᠤᠮᠳᠠᠭᠠᠨ ᠤ ᠠᠵᠤ ᠠᠬᠤᠶᠢᠯᠠᠯ ᠢ ᠪᠠᠶᠢᠴᠠᠭᠠᠵᠤ᠂ ᠢᠯᠠᠩᠭᠤᠶ᠎ᠠ 2 ᠬᠦᠢᠲᠡᠨ ᠬᠡᠯᠬᠢᠶᠡᠲᠦ ᠡᠳ᠋ ᠪᠠᠷᠠᠭᠠᠨ ᠤ  ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠪᠠ ᠬᠥᠮᠥᠷᠭᠡᠯᠡᠨ ᠬᠠᠳᠠᠭᠠᠯᠠᠬᠤ ᠬᠥᠮᠥᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠡᠶ᠃ ᠪᠠᠶᠢᠴᠠᠭᠠᠯᠲᠠ ᠪᠠᠷ ᠳᠡᠮᠵᠢᠨ᠂ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠲᠤ 4 ᠠᠰᠠᠭᠤᠳᠠᠯ ᠢ ᠢᠯᠡᠷᠡᠭᠦᠯᠬᠦ ᠶᠢᠨ ᠬᠠᠮᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ ᠬᠢᠨᠠᠯᠲᠠ ᠲᠠᠯᠪᠢᠭᠰᠠᠨ ᠰᠠᠨᠠᠯ ᠤᠨ ᠪᠢᠴᠢᠭ 172 ᠬᠤᠪᠢ ᠪᠠᠭᠤᠯᠭᠠᠵᠤ᠂ ᠬᠠᠤᠯᠢ ᠶᠣᠰᠣᠭᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠠᠷᠯᠢᠭᠳᠠᠵᠤ ᠪᠠᠶᠢᠭᠠᠳ 4 ᠭᠠᠵᠠᠷ  ︵ᠡᠭᠦᠨ ᠳᠤ 2 ᠡᠮ ᠤᠨ ᠳᠡᠯᠭᠡᠭᠦᠷ᠂ 2 ᠢᠳᠡᠭᠡᠨ ᠤᠮᠳᠠᠭᠠᠨ ᠤ ᠠᠵᠤ ᠠᠬᠤᠶᠢᠯᠠᠯ ᠪᠠᠭᠲᠠᠨ᠎ᠠ︶ ᠢ ᠬᠠᠤᠯᠢ ᠶᠣᠰᠣᠭᠠᠷ ᠵᠠᠷᠯᠢᠭᠳᠠᠨ ᠠᠵᠢᠯ ᠢ ᠨᠢ ᠵᠣᠭᠰᠣᠭᠠᠨ ᠴᠡᠭᠴᠡᠯᠡᠭᠦᠯᠪᠡ᠃  
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号