ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ | ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠢᠳᠡᠪᠬᠢᠲᠡᠶ ᠠᠬᠢᠭᠤᠯᠬᠤ ᠶᠢᠨ | ᠲᠥᠯᠥᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠠᠷᠤ ᠬᠤᠷᠴᠢᠨ | ᠬᠤᠰᠢᠭᠤᠨ ᠤ ᠬᠤᠪᠢᠶᠠᠷᠢ ᠲᠣᠪᠴᠢᠶ᠎ᠠ ︽ᠭᠤᠷᠪᠠ ᠶᠢ ᠬᠡᠷᠡᠭᠵᠢᠭᠦᠯᠵᠦ︾᠂ ᠣᠯᠠᠨ ᠲᠦᠮᠡᠨ ᠤ ᠠᠩᠬᠠᠷᠴᠤ ᠪᠠᠶᠢᠭ᠎ᠠ᠂ | ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠪᠣᠬᠢᠷᠲᠤᠯ ᠤᠨ ᠲᠣᠪᠤᠶᠢᠮ᠎ᠠ ᠠᠰᠠᠭᠤᠳᠠᠯ ᠢ | ᠰᠠᠶᠢᠵᠢᠷᠠᠭᠤᠯᠤᠨ ᠰᠢᠢᠳᠪᠦᠷᠢᠯᠡᠵᠦ ᠪᠣᠢ᠃ | ᠨᠢᠭᠡ ᠳᠤ᠂ ᠪᠣᠬᠢᠷᠲᠤᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠪᠠ᠃ ᠬᠡᠳᠦᠨ ᠵᠢᠯ ᠤᠨ ᠲᠤᠷᠰᠢ᠂ ᠠᠷᠤ ᠬᠤᠷᠴᠢᠨ ᠬᠤᠰᠢᠭᠤᠨ ᠤ ᠬᠤᠪᠢᠶᠠᠷᠢ ᠲᠣᠪᠴᠢᠶ᠎ᠠ ᠪᠣᠬᠢᠷᠲᠤᠯ | ᠭᠠᠳᠠᠭᠰᠢᠯᠠᠭᠤᠯᠬᠤ ᠠᠵᠤ ᠠᠬᠤᠶᠢᠯᠠᠯ ᠢ ᠬᠠᠤᠯᠢ ᠶᠣᠰᠣᠭᠠᠷ ᠵᠠᠰᠠᠵᠤ᠂ ᠨᠡᠶᠢᠲᠡ 1000 ᠭᠠᠷᠤᠶ ᠲᠦᠮᠡᠨ | ᠲᠥᠭᠦᠷᠢᠭ ᠤᠨ ᠵᠠᠰᠠᠯᠲᠠ ᠶᠢᠨ ᠪᠠᠯᠠ ᠮᠥᠩᠭᠦ ᠣᠷᠣᠭᠤᠯᠵᠤ᠂ ᠠᠵᠤ ᠦᠢᠯᠡᠳᠪᠦᠷᠢ ᠶᠢᠨ ᠪᠣᠬᠢᠷ ᠤᠰᠤ᠂ ᠬᠠᠶᠠᠭᠳᠠᠮᠠᠯ | ᠬᠡᠶ ᠶᠢ ᠵᠠᠰᠠᠬᠤ ᠪᠠ ᠬᠤᠲᠠ ᠶᠢᠨ ᠲᠣᠭᠤᠷᠢᠭ ᠤᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠳᠤ ᠬᠡᠷᠡᠭᠯᠡᠪᠡ︔ | ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠯ ᠢ ᠴᠢᠩᠳᠠᠯᠠᠵᠤ᠂ ᠵᠥᠪᠰᠢᠶᠡᠷᠡᠯ ᠤᠨ | ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠬᠠᠤᠯᠢ ᠶᠣᠰᠣᠭᠠᠷ ᠬᠠᠭᠠᠵᠤ | ᠵᠣᠭᠰᠣᠭᠠᠨ᠂ ᠬᠠᠤᠯᠢ ᠶᠢ ᠵᠥᠷᠢᠴᠡᠨ ᠪᠣᠬᠢᠷᠲᠤᠯ ᠭᠠᠳᠠᠭᠰᠢᠯᠠᠭᠤᠯᠳᠠᠭ ᠡᠯ᠎ᠡ ᠲᠥᠷᠥᠯ ᠤᠨ ᠠᠵᠤ ᠠᠬᠤᠶᠢᠯᠠᠯ ᠳᠤ | ᠬᠦᠴᠦᠲᠡᠶ ᠴᠣᠬᠢᠯᠲᠠ ᠥᠭᠪᠡ︔ ᠠᠮᠢ ᠠᠬᠤᠶ ᠶᠢ ᠰᠡᠷᠭᠦᠭᠡᠬᠦ ᠪᠠ ᠤᠰᠤᠨ ᠤ ᠴᠢᠨᠠᠷ ᠢ ᠴᠡᠪᠡᠷᠰᠢᠭᠦᠯᠬᠦ ᠶᠢ | ᠠᠬᠢᠭᠤᠯᠪᠠ᠃ | ᠬᠤᠶᠠᠷ ᠲᠤ᠂ ᠰᠢᠶᠠᠨ ᠤ ᠬᠤᠲᠠ ᠶᠢᠨ ᠳᠦᠷᠢ ᠲᠥᠷᠬᠦ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ | ᠴᠢᠨᠠᠷ ᠳᠡᠰ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠬᠤᠳᠠ ᠶᠢᠨ ᠠᠮᠢ ᠠᠬᠤᠢ ᠶᠢᠨ | ᠣᠷᠴᠢᠨ ᠲᠣᠭᠤᠷᠢᠨ ᠢ ᠦᠨᠡᠨᠬᠦ ᠬᠤᠪᠢᠷᠠᠭᠤᠯᠵᠤ᠂ ᠬᠤᠳᠠ ᠶᠢᠨ ᠠᠷᠠᠳ ᠤᠨ ᠣᠷᠴᠢᠨ ᠲᠣᠭᠤᠷᠢᠨ ᠤ ᠤᠬᠠᠮᠰᠠᠷ ᠢ | ᠳᠡᠭᠡᠭᠰᠢᠯᠡᠭᠦᠯᠵᠦ᠂ ᠠᠮᠢᠳᠣᠷᠠᠯ᠂ ᠦᠢᠯᠡᠳᠪᠦᠷᠢᠯᠡᠯ ᠤᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠡᠮᠬᠢ | ᠵᠠᠮᠪᠠᠷᠠᠭ᠎ᠠ ᠦᠬᠡᠢ ᠠᠵᠢᠯᠯᠠᠭ᠎ᠠ ᠶᠢ ᠵᠠᠰᠠᠵᠤ᠂ ᠲᠣᠭᠲᠠᠭᠰᠠᠨ ᠭᠠᠵᠠᠷ ᠲᠣᠭᠲᠠᠭᠰᠠᠨ ᠴᠠᠭ ᠲᠤ ᠬᠤᠭ ᠨᠣᠪᠰᠢ ᠶᠢ | ᠴᠡᠪᠡᠷᠯᠡᠬᠦ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ᠂ ᠬᠤᠭ ᠨᠣᠪᠰᠢ ᠶᠢ ᠴᠡᠪᠡᠷᠯᠡᠵᠦ | ᠬᠠᠳᠠᠭᠠᠯᠠᠵᠤ ᠵᠥᠭᠡᠭᠡᠪᠦᠷᠢᠯᠡᠬᠦ ᠠᠵᠢᠯᠯᠠᠭ᠎ᠠ ᠶᠢ ᠵᠢᠷᠤᠮᠵᠢᠭᠤᠯᠪᠠ︔ ᠡᠮᠴᠢᠯᠡᠭᠡᠨ ᠤ ᠪᠠᠶᠢᠭᠤᠯᠤᠮᠵᠢ ᠬᠤᠭ ᠨᠣᠪᠰᠢ ᠶᠢ | ᠰᠢᠲᠠᠭᠠᠬᠤ ᠵᠤᠤᠬ᠎ᠠ ᠶᠢ ᠣᠷᠣᠭᠤᠯᠤᠨ ᠠᠪᠴᠢᠷᠠᠵᠤ᠂ ᠡᠮᠴᠢᠯᠡᠭᠡᠨ ᠤ ᠬᠤᠭ ᠨᠣᠪᠰᠢ ᠶᠢ ᠬᠤᠤᠷ ᠥᠬᠡᠶ ᠪᠣᠯᠭᠠᠨ | ᠰᠢᠢᠳᠪᠦᠷᠢᠯᠡᠬᠦ ᠶᠢ ᠪᠡᠶᠡᠯᠡᠭᠦᠯᠪᠡ︔ ᠨᠡᠭᠦᠷᠡᠰᠦᠨ ᠤ ᠦᠨᠡᠰᠦ ᠶᠢ ᠵᠠᠬᠢᠷᠤᠨ ᠬᠠᠮᠢᠶᠠᠷᠬᠤ ᠠᠷᠭ᠎ᠠ ᠶᠢ ᠲᠣᠭᠲᠠᠭᠠᠵᠤ᠂ | ᠨᠡᠭᠦᠷᠡᠰᠦᠨ ᠤ ᠵᠠᠬ᠎ᠠ ᠳᠡᠯᠭᠡᠭᠦᠷ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠥᠪᠯᠡᠷᠡᠭᠦᠯᠦᠨ ᠢᠯᠴᠢ ᠬᠠᠩᠭᠠᠬᠤ | ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠬᠤᠳᠠ ᠶᠢᠨ ᠲᠣᠭᠤᠷᠢᠭ ᠤᠨ ᠣᠷᠴᠢᠨ ᠠᠬᠤᠶ ᠶᠢᠨ ᠠᠭᠠᠷ ᠤᠨ ᠶᠠᠰᠤ | ᠴᠢᠨᠠᠷ ᠢ ᠦᠨᠡᠨ ᠬᠦ ᠰᠠᠶᠢᠵᠢᠷᠠᠭᠤᠯᠪᠠ᠃ | ᠭᠤᠷᠪᠠ ᠳᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠠᠮᠢ | ᠠᠬᠤᠶ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠭᠤᠤᠯ ᠤᠨ ᠭᠤᠯᠳᠤᠷᠢᠯ ᠳᠤ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠶᠢ ᠲᠥᠪᠯᠡᠷᠡᠭᠦᠯᠦᠨ ᠴᠡᠪᠡᠷᠯᠡᠵᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠣᠯᠠᠨ ᠡᠬᠢᠳᠤ | ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠶᠢ ᠵᠣᠷᠢᠭᠵᠢᠭᠤᠯᠤᠨ᠂ ᠰᠢᠶᠠᠩ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠮᠢᠳᠤᠷᠠᠯ᠂ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠪᠣᠬᠢᠷ | ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ ᠳᠡᠭᠡᠭᠰᠢᠯᠡᠭᠦᠯᠪᠡ︔ ᠪᠣᠬᠢᠷᠲᠤᠯ ᠭᠠᠳᠠᠭᠰᠢᠯᠠᠭᠤᠯᠬᠤ ᠠᠵᠤ | ᠠᠬᠤᠶᠢᠯᠠᠯ ᠳᠤ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠪᠤᠳᠤᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ | ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠪᠡ︔ ᠲᠠᠷᠢᠶᠠᠯᠠᠩ ᠤᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠬᠡᠵᠦ᠂ ᠲᠠᠷᠢᠶᠠᠨ ᠡᠮ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠣᠷᠭᠠᠨᠢᠭ ᠪᠤᠷᠳᠤᠭᠤᠷ | ᠪᠠ ︽ᠬᠤᠷᠣᠬᠠᠶ ᠪᠠᠷ ᠬᠤᠷᠣᠬᠠᠶ ᠶᠢ ᠵᠠᠰᠠᠬᠤ︾ ᠠᠮᠢ ᠠᠬᠤᠶ ᠶᠢ ᠰᠡᠷᠭᠡᠶᠢᠯᠡᠨ ᠵᠠᠰᠠᠬᠤ ᠮᠡᠷᠭᠡᠵᠢᠯ ᠢ ᠶᠡᠭᠡ ᠪᠠᠷ | ᠳᠡᠯᠭᠡᠷᠡᠭᠦᠯᠪᠡ︔ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠢᠮᠠᠭᠲᠠ ᠴᠢᠩᠭ᠎ᠠ ᠠᠳᠬᠤᠵᠤ᠂ | ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠢᠳᠡᠪᠬᠢᠲᠡᠶ ᠰᠠᠶᠢᠲᠤᠷ ᠬᠢᠵᠦ᠂ ᠮᠠᠯ ᠵᠢᠭᠦᠷᠲᠡᠨ ᠤ ᠬᠡᠪᠡᠯᠢ ᠪᠠᠷ | ᠳᠡᠮᠵᠢᠨ ᠲᠠᠷᠢᠶᠠᠨ ᠭᠠᠵᠠᠷ ᠲᠤ ᠣᠷᠣᠭᠤᠯᠬᠤ᠂ ᠡᠰᠢ ᠰᠦᠷᠡᠯ ᠤᠨ ᠢᠳᠡᠭᠡᠨ ᠤ ᠮᠥᠭᠦ ᠶᠢ ᠳᠠᠷᠢᠵᠤ ᠪᠤᠶᠢᠵᠢᠭᠤᠯᠬᠤ᠂ | ᠡᠰᠢ ᠰᠦᠷᠡᠯ ᠢ ᠬᠡᠶᠢᠵᠢᠭᠦᠯᠬᠦ ᠵᠡᠷᠭᠡ ᠠᠰᠢᠭᠯᠠᠬᠤ ᠮᠡᠷᠭᠡᠵᠢᠯ ᠢ ᠵᠣᠷᠢᠭᠵᠢᠭᠤᠯᠤᠨ ᠳᠡᠯᠭᠡᠷᠡᠭᠦᠯᠪᠡ᠃ | | |