ᠬᠦᠯᠢᠶᠡᠨ ᠰᠢᠢᠳᠪᠦᠷᠢᠯᠡᠬᠦ ᠨᠥᠬᠦᠴᠡᠯ | ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠨᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠠᠷᠭᠤᠭᠤᠯᠤᠨ | ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠳᠤ ᠨᠡᠶᠢᠴᠡᠵᠦ᠂ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠪᠦᠷᠢᠳᠬᠡᠨ ᠳᠠᠩᠰᠠᠯᠠᠬᠤ ᠮᠡᠳᠡᠭᠡ ᠵᠠᠩᠭᠢ ᠶᠢᠨ | ᠬᠦᠰᠦᠨᠦᠭᠲᠦ︾ ᠶᠢᠨ ᠮᠡᠳᠡᠭᠡ ᠵᠠᠩᠭᠢ ᠨᠢ ᠦᠨᠡᠨ ᠪᠣᠳᠠᠲᠠᠶ᠂ ᠬᠦᠴᠦᠨ ᠲᠠᠢ ᠪᠥᠭᠡᠳ《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠬᠡᠷᠡᠭ ᠡᠷᠭᠢᠯᠡᠬᠦ ᠲᠢᠩᠬᠢᠮ 》 ᠳᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠨ᠎ᠡ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ | ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ 673 ᠳ᠋ᠤᠭᠠᠷ ᠲᠣᠭᠠᠲᠤ ᠵᠠᠷᠯᠢᠭ︶ ᠤᠨ ᠪᠦᠬᠦ ᠠᠭᠤᠯᠭ᠎ᠠ | 【 ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 】 ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠ | ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠪᠠᠯᠠ | ᠣᠷᠣᠭᠤᠯᠤᠯᠲᠠ ᠥᠰᠥᠭ ︹ 2017 ︺ 1490 ᠳ᠋ᠦ᠋ᠭᠡᠷ ᠲᠣᠭᠠᠲᠤ︶ ᠳᠣᠯᠣᠳᠤᠭᠠᠷ ᠵᠤᠷᠪᠤᠰ ᠲᠤ᠂ | ᠲᠠᠩᠰᠠᠯᠠᠨ ᠬᠠᠮᠢᠶᠠᠷᠬᠤ ᠶᠢ ᠬᠡᠷᠡᠭᠵᠢᠭᠦᠯᠵᠦ ᠪᠠᠶᠢᠭ᠎ᠠ ᠲᠥᠷᠥᠯ ᠵᠦᠢᠯ ᠢ ᠬᠠᠷᠢᠶᠠᠯᠠᠭᠳᠠᠬᠤ ᠭᠠᠵᠠᠷ ᠣᠷᠣᠨ ᠤ | ᠵᠠᠷᠴᠢᠮ ᠤᠨ ᠶᠣᠰᠣᠭᠠᠷ ᠳᠠᠩᠰᠠᠯᠠᠭᠤᠯᠬᠤ ᠬᠡᠷᠡᠭᠲᠡᠶ᠃ ᠠᠶᠢᠮᠠᠭ ᠬᠤᠲᠠ ᠠᠯᠤᠰᠯᠠᠭᠰᠠᠨ ᠲᠥᠷᠥᠯ ᠵᠦᠢᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠪᠦᠷᠢᠳᠬᠡᠨ ᠳᠡᠩᠰᠡᠯᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ | ᠠᠯᠤᠰᠯᠠᠭᠰᠠᠨ ᠲᠥᠷᠥᠯ ᠵᠦᠢᠯ ᠢ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠷᠢᠳᠬᠡᠨ | ᠳᠡᠩᠰᠡᠯᠡᠵᠦ᠂ ᠪᠤᠰᠤᠳ ᠲᠥᠷᠥᠯ ᠵᠦᠢᠯ ᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠪᠦᠷᠢᠳᠬᠡᠨ ᠳᠡᠩᠰᠡᠯᠡᠵᠦ᠂ ᠪᠣᠳᠠᠲᠠᠶ ᠳᠠᠩᠰᠠᠯᠠᠬᠤ ᠪᠠᠶᠢᠭᠤᠯᠤᠯᠭ᠎ᠠ ᠵᠢᠴᠢ ᠡᠷᠬᠡ ᠶᠢᠨ ᠬᠢᠵᠠᠭᠠᠷ ᠢ ᠠᠳᠠᠯᠢ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠲᠣᠳᠣᠷᠬᠠᠶᠢᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ | ᠲᠥᠷᠥᠯ ᠵᠦᠢᠯ ᠢ ᠳᠠᠩᠰᠠᠯᠠᠬᠤ ᠪᠠᠶᠢᠭᠤᠯᠭ᠎ᠠ ᠵᠢᠴᠢ ᠡᠷᠬᠡ ᠮᠡᠳᠡᠯ ᠤᠨ ᠬᠡᠪᠴᠢᠶ᠎ᠡ ᠳᠤ ᠠᠰᠲᠠᠭᠠᠨ ᠲᠣᠭᠲᠠᠭᠠᠯ ᠲᠠᠢ | ᠪᠣᠯ ᠲᠡᠷᠡ ᠲᠣᠭᠲᠠᠭᠠᠯ ᠢ ᠵᠢᠷᠤᠮᠯᠠᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ | ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — 50 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |