ᠬᠤᠶᠠᠷ ᠦᠨᠡᠮᠯᠡᠯ ᠢ ᠡᠮᠬᠢᠯᠡᠨ ᠨᠡᠶᠢᠯᠡᠭᠦᠯᠵᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠮᠡᠳᠡᠭᠡ ᠵᠠᠩᠭᠢ ᠶᠢ ᠬᠤᠪᠢᠷᠠᠭᠤᠯᠬᠤ
ᠨᠡᠶᠢᠲᠡᠯᠡᠭᠰᠡᠨ ᠴᠠᠭ᠄
2021/11/12
ᠬᠦᠯᠢᠶᠡᠨ ᠰᠢᠢᠳᠪᠦᠷᠢᠯᠡᠬᠦ ᠨᠥᠬᠦᠴᠡᠯ        ᠬᠠᠤᠯᠢ ᠶᠢᠨ ᠡᠷᠬᠡᠲᠡᠨ ╲ᠪᠤᠰᠤᠳ ᠵᠣᠬᠢᠶᠠᠨ ᠪᠠᠶᠢᠭᠤᠯᠤᠯᠲᠠ ᠲᠣᠭᠲᠠᠭᠠᠭᠰᠠᠨ ᠦᠨᠳᠦᠰᠦᠯᠡᠯ        1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ︾ ᠶᠢᠨ ᠠᠷᠪᠠᠨ ᠵᠢᠷᠭᠤᠳᠤᠭᠠᠷ ᠵᠤᠷᠪᠤᠰ ᠲᠤ᠂ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠭᠠᠶᠢᠯᠢ ᠲᠤᠰᠢᠶᠠᠭᠴᠢ᠂ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠠᠭᠤᠯᠭ᠎ᠠ ᠳᠤ ᠬᠤᠪᠢᠷᠠᠯᠲᠠ ᠭᠠᠷᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠬᠤᠪᠢᠷᠠᠭᠤᠯᠬᠤ ᠲᠡᠩᠰᠡᠯᠡᠯᠳᠠ ᠶᠢ ᠭᠦᠢᠴᠡᠳᠬᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠳᠤ ᠲᠡᠩᠰᠡᠯᠡᠯᠳᠠ ᠪᠠᠨ ᠬᠠᠰᠤᠭᠤᠯᠬᠤ ᠪᠠᠷ ᠭᠤᠶᠤᠴᠢᠯᠠᠬᠤ ᠠᠴᠠ ᠡᠮᠦᠨ᠎ᠡ᠂ ᠬᠤᠯᠪᠣᠭᠳᠠᠯ ᠪᠦᠬᠦᠢ ᠭᠡᠷᠡᠴᠢ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠲᠡᠩᠰᠡᠯᠡᠯᠳᠠ ᠪᠠᠨ ᠬᠤᠪᠢᠷᠠᠭᠤᠯᠬᠤ ᠪᠤᠶᠤ ᠲᠡᠩᠰᠡᠯᠡᠯᠳᠠ ᠪᠠᠨ ᠬᠠᠰᠤᠭᠤᠯᠬᠤ ᠪᠠᠷ ᠮᠡᠳᠡᠭᠦᠯᠦᠨ᠎ᠡ᠃        2. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠨᠠᠷᠢᠨ ᠲᠦᠷᠢᠮ︾ ᠤᠨ ᠠᠷᠪᠠᠨ ᠳᠥᠷᠪᠡᠳᠦᠭᠡᠷ ᠵᠤᠷᠪᠤᠰ ᠲᠤ᠂ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠠᠭᠤᠯᠭ᠎ᠠ ᠳᠤ ᠬᠤᠪᠢᠷᠠᠯᠲᠠ ᠭᠠᠷᠤᠭᠰᠠᠨ ᠪᠣᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠪᠤᠶᠤ ᠪᠤᠰᠤᠳ ᠪᠠᠶᠢᠭᠤᠯᠭ᠎ᠠ ᠶᠢᠨ ᠬᠤᠪᠢᠷᠠᠭᠤᠯᠬᠤ ᠲᠡᠩᠰᠡᠯᠡᠯᠳᠠ ᠶᠢ ᠭᠦᠢᠴᠡᠳᠬᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠭᠡᠷᠡᠴᠢ ᠦᠨᠡᠮᠯᠡᠯ ᠢᠶᠠᠨ ᠠᠪᠴᠤ ᠤᠤᠯ ᠤᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠪᠠᠶᠢᠭᠤᠯᠭ᠎ᠠ ᠳᠤ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠪᠠᠨ ᠬᠤᠪᠢᠷᠠᠭᠤᠯᠬᠤ ᠪᠠᠷ ᠮᠡᠳᠡᠭᠦᠯᠦᠨ ᠭᠦᠢᠴᠡᠳᠬᠡᠨ᠎ᠡ᠃        ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ ᠳᠠᠩᠰᠠᠯᠠᠭᠤᠯᠤᠭᠰᠠᠨ ᠠᠭᠤᠯᠭ᠎ᠠ ᠳᠤ ᠬᠤᠪᠢᠷᠠᠯᠲᠠ ᠭᠠᠷᠤᠭᠠᠳ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠪᠤᠶᠤ ᠪᠤᠰᠤᠳ ᠪᠠᠶᠢᠭᠤᠯᠭ᠎ᠠ ᠳᠤ ᠣᠴᠢᠵᠤ ᠬᠤᠪᠢᠷᠠᠭᠤᠯᠬᠤ ᠲᠡᠩᠰᠡᠯᠡᠯᠳᠠ ᠬᠢᠯᠭᠡᠬᠦ ᠴᠢᠬᠤᠯᠠ ᠤᠢᠭᠡᠢ ᠪᠣᠯ᠂ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠭᠡᠷᠡᠴᠢ ᠦᠨᠡᠮᠯᠡᠯ ᠢᠶᠠᠨ ᠠᠪᠴᠤ ᠤᠤᠯ ᠤᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠪᠠᠶᠢᠭᠤᠯᠭ᠎ᠠ ᠳᠤ ᠭᠠᠶᠢᠯᠢ ᠶᠢᠨ ᠶᠠᠪᠤᠳᠠᠯ ᠤᠨ ᠲᠡᠩᠰᠡᠯᠡᠯᠳᠠ  ᠪᠠᠨ ᠬᠤᠪᠢᠷᠠᠭᠤᠯᠬᠤ ᠪᠠᠷ ᠮᠡᠳᠡᠭᠦᠯᠦᠨ ᠭᠦᠢᠴᠡᠳᠬᠡᠨ᠎ᠡ᠃        3. ︽ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠵᠠᠷᠯᠢᠭ 7 ᠳ᠋ᠤᠭᠠᠷ ᠲᠣᠭᠠᠲᠤ ᠪᠠᠷ ᠨᠡᠶᠢᠲᠡᠯᠡᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠵᠠᠷᠯᠢᠭ 36 ᠳ᠋ᠤᠭᠠᠷ ᠲᠣᠭᠠᠲᠤ᠂ 44 ᠳ᠋ᠦ᠋ᠭᠡᠷ ᠲᠣᠭᠠᠲᠤ᠂ 48 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠤᠭᠰᠠᠨ︶ ᠶᠢᠨ ᠠᠷᠪᠠᠨ ᠨᠠᠢᠮᠠᠳᠤᠭᠠᠷ ᠵᠤᠷᠪᠤᠰ ᠲᠤ᠂ ᠭᠠᠶᠢᠯᠢ ᠲᠤᠰᠢᠶᠠᠭᠴᠢ ᠲᠣᠭᠲᠠᠭᠠᠯ ᠶᠣᠰᠣᠭᠠᠷ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠳᠤ ᠬᠤᠪᠢᠷᠠᠭᠤᠯᠬᠤ ᠲᠡᠩᠰᠡᠯᠡᠯᠳᠠ ᠬᠢᠯᠭᠡᠬᠦ ᠴᠢᠬᠤᠯᠠ ᠤᠢᠭᠡᠢ᠃ ᠡᠰᠡᠬᠦᠯ᠎ᠡ ᠲᠡᠭᠦᠨ ᠤ ᠬᠤᠪᠢᠷᠠᠭᠤᠯᠬᠤ ᠲᠡᠩᠰᠡᠯᠡᠯᠳᠠ ᠶᠢᠨ ᠠᠭᠤᠯᠭ᠎ᠠ ᠪᠣᠯᠣᠨ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠠᠭᠤᠯᠭ᠎ᠠ ᠲᠠᠢ ᠬᠤᠯᠪᠣᠭᠳᠠᠯ ᠤᠢᠭᠡᠢ ᠪᠣᠯ᠂ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠠᠭᠤᠯᠭ᠎ᠠ ᠳᠤ ᠪᠣᠳᠠᠲᠠᠶ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠡᠰᠡᠬᠦᠯ᠎ᠡ ᠬᠤᠯᠪᠣᠭᠳᠠᠯ ᠪᠦᠬᠦᠢ ᠪᠠᠶᠢᠭᠤᠯᠭ᠎ᠠ ᠠᠴᠠ ᠬᠤᠪᠢᠷᠠᠭᠤᠯᠬᠤ ᠶᠢ ᠵᠥᠪᠰᠢᠶᠡᠷᠡᠭᠰᠡᠨ ᠪᠤᠶᠤ ᠵᠠᠷᠯᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠣᠣᠷ᠎ᠠ ᠵᠢᠭᠰᠠᠭᠠᠭᠰᠠᠨ ᠭᠡᠷᠡᠴᠢ ᠲᠡᠮᠳᠡᠭ ᠢ ᠠᠪᠴᠤ ᠤᠤᠯ ᠤᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠪᠠᠶᠢᠭᠤᠯᠭ᠎ᠠ ᠳᠤ ᠣᠴᠢᠵᠤ ᠬᠤᠪᠢᠷᠠᠭᠤᠯᠬᠤ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠪᠠᠨ ᠬᠢᠯᠭᠡᠬᠦ ᠪᠠᠷ ᠮᠡᠳᠡᠭᠦᠯᠬᠦ ᠬᠡᠷᠡᠭᠲᠡᠶ᠄        ︵ᠨᠢᠭᠡ︶ ᠭᠠᠶᠢᠯᠢ ᠲᠤᠰᠢᠶᠠᠭᠴᠢ ᠶᠢᠨ ᠳᠠᠩᠰᠠᠯᠠᠭᠤᠯᠤᠭᠰᠠᠨ ᠠᠭᠤᠯᠭ᠎ᠠ ᠪᠠᠨ ᠬᠤᠪᠢᠷᠠᠭᠤᠯᠤᠭᠰᠠᠨ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ︔        ︵ᠬᠤᠶᠠᠷ︶ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠣᠯᠭᠤᠭᠰᠠᠨ ᠤᠤᠯ ᠤᠨ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ︵ᠳᠠᠩᠰᠠᠯᠠᠭᠤᠯᠤᠭᠰᠠᠨ ᠦᠨᠡᠮᠯᠡᠯ ᠤᠨ ᠵᠢᠩᠬᠢᠨᠢ᠂ ᠬᠠᠭᠤᠯᠪᠤᠷᠢ ᠳᠡᠪᠲᠡᠷ ᠪᠠ ᠭᠠᠶᠢᠯᠢ ᠶᠢᠨ ᠶᠠᠪᠤᠳᠠᠯ ᠢ ᠳᠠᠩᠰᠠᠯᠠᠭᠰᠠᠨ ᠬᠦᠰᠦᠨᠦᠭᠲᠦ ᠵᠡᠷᠭᠡ︶︔        ︵ᠭᠤᠷᠪᠠ︶ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠃        ᠠᠷᠪᠠ ᠶᠢᠰᠦᠳᠦᠭᠡᠷ ᠵᠤᠷᠪᠤᠰ ᠲᠤ᠂ ᠭᠠᠶᠢᠯᠢ ᠲᠤᠰᠢᠶᠠᠭᠴᠢ ᠶᠢᠨ ᠲᠤᠰᠢᠶᠠᠭᠰᠠᠨ ᠬᠤᠪᠢᠷᠠᠭᠤᠯᠬᠤ ᠲᠡᠩᠰᠡᠯᠡᠯᠳᠠ ᠶᠢᠨ ᠬᠤᠯᠪᠣᠭᠳᠠᠯ ᠪᠦᠬᠦᠢ ᠭᠡᠷᠡᠴᠢ ᠦᠨᠡᠮᠯᠡᠯ᠂ ᠮᠠᠲ᠋ᠧᠷᠢᠶᠠᠯ ᠨᠢ ᠪᠦᠷᠢᠨ ᠭᠦᠢᠴᠡᠳ ᠪᠣᠯ᠂ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠬᠤᠪᠢᠷᠠᠭᠤᠯᠬᠤ ᠬᠦᠰᠦᠨᠦᠭᠲᠦ ᠶᠢ ᠦᠨᠡᠨ ᠮᠥᠨ ᠢᠶᠠᠷ ᠨᠢ ᠲᠠᠭᠯᠠᠨ ᠪᠢᠴᠢᠬᠦ ᠬᠡᠷᠡᠭᠲᠡᠶ᠂ ᠲᠣᠭᠲᠠᠭᠠᠯ ᠳᠤ ᠨᠡᠶᠢᠴᠡᠭᠰᠡᠨ ᠪᠣᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠤᠰ ᠡᠳᠦᠷ ᠲᠤ ᠭᠦᠢᠴᠡᠳᠬᠡᠬᠦ ᠬᠡᠷᠡᠭᠲᠡᠶ︔ ᠲᠣᠭᠲᠠᠭᠠᠯ ᠳᠤ ᠨᠡᠶᠢᠴᠡᠬᠦ ᠤᠢᠭᠡᠢ ᠪᠣᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠡᠭᠦᠨ ᠳᠤ ᠨᠥᠬᠦᠪᠥᠷᠢᠯᠡᠨ ᠵᠠᠯᠠᠷᠠᠭᠤᠯᠬᠤ ᠶᠢ ᠮᠡᠳᠡᠭᠳᠡᠬᠦ ᠬᠡᠷᠡᠭᠲᠡᠶ᠃        ᠬᠤᠷᠢᠳᠤᠭᠠᠷ ᠵᠤᠷᠪᠤᠰ ᠲᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠰᠢᠢᠳᠪᠦᠷᠢᠯᠡᠬᠦ ᠪᠠᠷ ᠬᠦᠯᠢᠶᠡᠠ ᠠᠪᠤᠭᠰᠠᠨ ᠲᠡᠷᠡ ᠡᠳᠦᠷ ᠲᠡᠭᠡᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢ ᠬᠤᠪᠢᠷᠠᠭᠤᠯᠬᠤ ᠶᠢ ᠭᠦᠢᠴᠡᠳᠬᠡᠬᠦ ᠬᠡᠷᠡᠭᠲᠡᠶ᠃ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠬᠦᠰᠦᠨᠦᠭᠲᠦ ᠪᠣᠯᠤᠨ ᠭᠠᠶᠢᠯᠢ ᠶᠢᠨ ᠶᠠᠪᠤᠳᠠᠯ ᠤᠨ ᠲᠡᠩᠰᠡᠯᠡᠯᠳᠠ ᠶᠢᠨ ᠦᠨᠡᠮᠯᠡᠯ ᠳᠠᠬᠢ ᠠᠭᠤᠯᠭ᠎ᠠ ᠳᠤ ᠴᠥᠮ ᠬᠤᠪᠢᠷᠠᠯᠲᠠ ᠭᠠᠷᠤᠭᠰᠠᠨ ᠪᠣᠯ ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠤᠪᠢᠷᠠᠭᠤᠯᠤᠭᠰᠠᠨ ᠤ ᠳᠠᠷᠠᠭᠠᠬᠢ ᠠᠭᠤᠯᠭ᠎ᠠ ᠶᠢᠨ ᠶᠣᠰᠣᠭᠠᠷ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠢ ᠳᠠᠬᠢᠨ ᠣᠯᠭᠤᠨ᠎ᠠ᠃ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠢ ᠳᠠᠩᠰᠠᠯᠠᠬᠤ ᠬᠦᠰᠦᠨᠦᠭᠲᠦ ᠶᠢᠨ ᠠᠭᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠲᠠᠯ᠎ᠠ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ᠳᠠᠬᠢ ᠠᠭᠤᠯᠭ᠎ᠠ ᠳᠤ ᠬᠤᠪᠢᠷᠠᠯᠲᠠ ᠭᠠᠷᠤᠭᠰᠠᠨ ᠤᠢᠭᠡᠢ ᠪᠣᠯ ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ᠢ ᠳᠠᠬᠢᠨ ᠣᠯᠭᠤᠬᠤ ᠤᠢᠭᠡᠢ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ 47 ᠳ᠋ᠤᠭᠠᠷ ᠨᠣᠮᠧᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠷᠤ ᠬᠤᠷᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ 1 ᠳ᠋ᠦ᠋ᠭᠡᠷ ᠳᠠᠪᠬᠤᠷᠭ᠎ᠠ ᠶᠢᠨ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠰᠢᠭᠤᠨ ᠪᠠᠭᠤᠳᠠᠯ ᠤᠨ ᠥᠷᠲᠡᠭᠡᠨ ᠳᠤ ᠪᠠᠭᠤᠨ᠎ᠠ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 23 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ ᠵᠡᠭᠦᠨᠰᠢ 200 ᠮᠧᠲᠷ ᠶᠠᠪᠤᠨ᠎ᠠ ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号