ᠠᠷᠤ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠦᠩᠯᠢᠶᠣᠤ ᠶᠢ ᠲᠦᠷᠭᠡᠨ ᠲᠣᠰᠠᠯᠠᠵᠣ ᠵᠠᠰᠠᠮᠠᠯ ᠵᠠᠮ ᠢ ᠨᠡᠪᠳᠡᠷᠡᠭᠦᠯᠪᠡ
ᠨᠡᠶᠢᠲᠡᠯᠡᠭᠰᠡᠨ ᠴᠠᠭ᠄
2021/11/12
       11 ᠰᠠᠷ᠎ᠠ ᠶᠢᠨ 10 ᠤ ᠡᠳᠦᠷ᠂ ᠠᠷᠤ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠴᠢᠮ ᠲᠦᠷᠭᠡᠨ ᠢᠶᠠᠷ ᠨᠢᠭᠡᠨ ᠰᠠᠯᠠᠭ᠎ᠠ ᠠᠪᠤᠷᠠᠨ ᠲᠤᠰᠠᠯᠠᠬᠤ ᠠᠩᠭᠢ ᠶᠢ ᠴᠣᠡᠡᠯᠠᠭᠤᠯᠣᠨ ᠴᠠᠰᠤ ᠰᠢᠭᠤᠷᠭᠠᠨ ᠳᠤ ᠲᠠᠭᠠᠷᠢᠡᠡᠳ᠋ᠬᠠᠰᠡᠨ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠣᠴᠢᠭᠤᠯᠵᠣ᠂ ᠬᠤᠷᠠᠭᠰᠠᠨ ᠴᠠᠰᠤ ᠶᠢ ᠠᠷᠢᠯᠭᠠᠪᠠ᠃
       ᠲᠦᠩᠯᠢᠶᠣᠤ ᠬᠤᠲᠠ ᠨᠢ ᠠᠷᠤ ᠬᠤᠷᠴᠢᠨ ᠬᠤᠰᠢᠭᠤ ᠲᠠᠢ ᠬᠥᠷᠰᠢᠯᠡᠵᠦ᠂ ᠤᠯᠠᠭᠠᠨᠬᠠᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠢ ᠲᠦᠷᠭᠡᠨ ᠲᠤᠰᠠᠯᠠᠬᠤ ᠶᠡᠷᠦᠩᠬᠡᠶ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠷᠣ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ 5 ᠴᠠᠰᠤ ᠠᠷᠢᠯᠭᠠᠬᠤ ᠬᠤᠰᠤᠭᠤᠷ᠂ 3 ᠬᠠᠪᠲᠠᠰᠤᠨ ᠲᠡᠷᠭᠡ᠂ 10 ᠠᠵᠢᠯᠲᠠᠨ ᠢ ᠪᠠᠴᠢᠮ ᠲᠣᠬᠢᠷᠠᠭᠤᠯᠵᠤ᠂ ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ ᠶᠢᠨ 16᠄ 30 ᠳᠤ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠤᠯᠤᠰ ᠤᠨ ᠵᠠᠮ ᠤᠨ 303 ᠱᠤᠭᠤᠮ ᠤᠨ K606 — K622 ᠬᠡᠰᠡᠭ ᠲᠤ ᠬᠦᠷᠴᠦ᠂ ᠴᠠᠰᠤ ᠴᠡᠪᠡᠷᠯᠡᠬᠦ᠂ ᠠᠪᠤᠷᠠᠨ ᠲᠤᠰᠠᠯᠠᠬᠤ᠂ ᠵᠠᠰᠠᠮᠠᠯ ᠵᠠᠮ ᠢ ᠨᠡᠪᠲᠡᠷᠡᠭᠦᠯᠬᠦ ᠵᠡᠷᠭᠡ ᠠᠵᠢᠯ ᠢ ᠥᠷᠨᠢᠭᠦᠯᠪᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号