ᠴᠠᠰᠤ ᠰᠢᠭᠤᠷᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠨ᠋ᠡᠴᠢᠣᠨ
ᠨᠡᠶᠢᠲᠡᠯᠡᠭᠰᠡᠨ ᠴᠠᠭ᠄
2021/11/12
       11 ᠰᠠᠷ᠎ᠠ ᠶᠢᠨ 8 ᠤ ᠡᠳᠦᠷ᠂ ᠠᠷᠤ ᠬᠤᠷᠴᠢᠨ ᠬᠤᠰᠢᠭᠤᠨ ᠳᠤ ᠶᠡᠭᠡ ᠴᠠᠰᠤ ᠤᠷᠤᠭᠰᠠᠨ ᠪᠠ ᠶᠡᠭᠡ ᠰᠠᠯᠬᠢᠨ ᠤ ᠨᠥᠯᠥᠭᠡ ᠪᠠᠷ᠂ ᠤᠯᠤᠰ ᠤᠨ ᠵᠠᠮ ᠤᠨ 303 ᠱᠤᠭᠤᠮ ᠤᠨ ᠵᠡᠭᠦᠨ ᠬᠡᠰᠡᠭ ᠤᠨ ᠬᠡᠰᠡᠭ ᠵᠠᠮ ᠳᠤ ᠬᠦᠡᠳᠤ ᠴᠠᠰᠤ ᠬᠤᠷᠠᠵᠤ᠂ ᠵᠤᠵᠠᠭᠠᠨ ᠤ ᠬᠡᠮᠵᠢᠶ᠎ᠡ ᠨᠢ ᠬᠠᠮᠤᠭ ᠥᠨᠳᠥᠷ ᠲᠡᠭᠡᠨ 1 ᠮᠧᠲᠷ ᠲᠤ ᠬᠦᠷᠴᠦ᠂ 20 ᠭᠠᠷᠤᠶ ᠲᠡᠷᠭᠡ ᠰᠠᠭᠠᠳᠡᠵᠣ᠂ ᠬᠥᠮᠦᠨ ᠪᠠ ᠲᠡᠷᠭᠡ ᠬᠠᠰᠢᠭᠳᠠᠵᠠᠶ᠃ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠡᠷᠡ ᠳᠠᠷᠤᠶ ᠳᠤᠨᠢ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ᠂ ᠵᠠᠰᠠᠮᠠᠯ ᠵᠠᠮ ᠤᠨ ᠠᠷᠡᠴᠢᠯᠠᠯᠳᠡ ᠶᠢᠨ ᠰᠠᠯᠠᠭ᠎ᠠ ᠮᠥᠴᠢᠷ ᠲᠠᠢ ᠬᠠᠮᠲᠤᠷᠠᠨ ᠤᠳᠬᠤᠭᠤᠷ ᠲᠡᠷᠭᠡ᠂ ᠠᠪᠤᠷᠠᠨ ᠲᠤᠰᠠᠯᠠᠬᠤ ᠲᠡᠷᠭᠡ ᠶᠢ ᠬᠥᠳᠡᠯᠭᠡᠨ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃
       ᠴᠠᠰᠤ ᠬᠡᠲᠦᠷᠬᠡᠶ ᠭᠦᠨ ᠬᠤᠷᠠᠭᠰᠠᠨ ᠪᠣᠳᠠᠲᠤ ᠪᠠᠶᠢᠳᠠᠯ ᠳᠤ ᠴᠢᠭᠯᠡᠭᠦᠯᠦᠨ᠂ ᠪᠤᠰᠤᠳ ᠲᠡᠷᠭᠡ ᠳᠠᠬᠢᠨᠲᠠ ᠬᠠᠰᠢᠭᠳᠠᠬᠤ ᠠᠴᠠ ᠰᠡᠷᠭᠡᠶᠢᠯᠡᠬᠦ ᠶᠢᠨ ᠲᠥᠯᠥᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠣᠰ ᠣᠷᠣᠶ ᠶᠢᠨ 21 ᠴᠠᠭ ᠤᠨ ᠦᠶ᠎ᠡ ᠪᠠᠷ ᠲᠦᠷ ᠴᠠᠭ ᠤᠨ ᠴᠢᠨᠠᠷᠲᠠᠶ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠴᠢᠪᠠᠭ᠎ᠠ ᠪᠠᠯᠭᠠᠰᠤ ᠶᠢᠨ ᠵᠡᠭᠦᠨ ᠬᠡᠰᠡᠭ ᠤᠨ ᠰᠦᠢᠣᠡᠭᠡᠯ ᠬᠤᠷᠢᠶᠠᠬᠤ ᠥᠷᠲᠡᠭᠡ ᠪᠣᠯᠤᠨ ᠱᠤᠤ ᠪᠠᠯᠭᠠᠰᠤ ᠶᠢᠨ ᠰᠦᠢᠣᠡᠭᠡᠯ ᠬᠤᠷᠢᠶᠠᠬᠤ ᠥᠷᠲᠡᠭᠡ ᠶᠢᠨ ᠪᠣᠶ ᠪᠥᠬᠦᠶ ᠨᠡᠪᠲᠡᠷᠡᠬᠦ ᠵᠠᠮ ᠢ ᠬᠠᠭᠠᠵᠤ᠂ ᠲᠡᠷᠭᠡ ᠨᠡᠪᠲᠡᠷᠡᠬᠦ ᠶᠢ ᠴᠠᠭᠠᠵᠠᠯᠠᠪᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠣᠯᠤᠨ ᠵᠠᠰᠠᠮᠠᠯ ᠵᠠᠮ ᠤᠨ ᠠᠷᠠᠴᠢᠯᠠᠯᠲᠠ ᠶᠢᠨ ᠰᠠᠯᠠᠭ᠎ᠠ ᠮᠥᠴᠢᠷ ᠰᠥᠨᠢ ᠪᠠᠷ ᠵᠠᠮ ᠤᠨ ᠭᠠᠳᠠᠷᠭᠤ ᠶᠢᠨ ᠬᠤᠷᠠᠭᠰᠠᠨ ᠴᠠᠰᠤ ᠶᠢ ᠠᠷᠢᠯᠭᠠᠡᠡᠰᠡᠨ ᠪᠣᠯᠪᠠᠴᠤ ᠲᠣᠰ ᠵᠠᠮ ᠤᠨ ᠬᠡᠰᠡᠭ ᠨᠢ ᠨᠡᠯᠢᠶᠡᠳ ᠣᠷᠳᠣ ᠪᠥᠭᠡᠳ ᠰᠠᠯᠬᠢᠨ ᠤ ᠠᠮᠠᠰᠠᠷ ᠤᠨ ᠪᠠᠶᠢᠷᠢᠨ ᠳᠤ ᠪᠠᠶᠢᠬᠤ ᠤᠴᠢᠷ ᠠᠴᠠ ᠶᠡᠭᠡ ᠰᠠᠯᠬᠢᠨ ᠠᠴᠠ ᠪᠣᠯᠵᠣ ᠬᠤᠷᠠᠭᠰᠠᠨ ᠴᠠᠰᠤ ᠨᠢ ᠵᠠᠮ ᠤᠨ ᠭᠠᠳᠠᠷᠭᠤ ᠶᠢ ᠳᠠᠬᠢᠨ ᠳᠠᠪᠲᠠᠨ ᠪᠦᠷᠬᠦᠵᠦ᠂ ᠴᠡᠪᠡᠷᠯᠡᠬᠦ ᠳᠤ ᠤᠯᠠᠮ ᠬᠦᠴᠢᠷᠲᠡᠶ ᠪᠣᠯᠵᠠᠢ᠃ ᠠᠷᠠᠳ ᠤᠨ ᠴᠠᠭᠳᠠᠭ᠎ᠠ ᠴᠠᠰᠣᠨ ᠳᠤ ᠬᠠᠰᠢᠡᠡᠳ᠋ᠬᠠᠰᠡᠨ ᠭᠠᠳᠠᠷ ᠣᠷᠣᠨ ᠤ ᠮᠠᠰᠢᠨ ᠲᠡᠷᠭᠡᠨ ᠤ ᠵᠢᠯᠣᠭᠤᠴᠢ ᠳᠤ ᠲᠥᠬᠦᠮ ᠮᠢᠨᠲᠤᠤᠷ᠂ ᠬᠠᠯᠠᠭᠤᠨ ᠤᠰᠤ ᠵᠡᠷᠭᠡ ᠦᠨᠳᠦᠰᠦᠨ ᠠᠮᠢᠳᠤᠷᠠᠯ ᠤᠨ ᠡᠳ᠋ ᠪᠣᠳᠠᠰ ᠬᠠᠩᠭᠠᠵᠤ᠂ ᠮᠦᠨ ᠴᠠᠰᠣᠨ ᠳᠤ ᠬᠠᠰᠢᠭᠳᠠᠭᠰᠠᠨ ᠵᠢᠯᠣᠭᠤᠴᠢ ᠶᠢ ᠲᠠᠭᠠᠭᠤᠯᠣᠨ ᠣᠶᠢᠷ᠎ᠠ ᠬᠠᠪᠢ ᠶᠢᠨ ᠵᠣᠴᠢᠳ ᠤᠨ ᠪᠠᠭᠤᠳᠠᠯ ᠳᠤ ᠬᠤᠨᠣᠭᠤᠯᠣᠨ᠂ ᠵᠠᠮ ᠤᠨ ᠬᠡᠰᠡᠭ ᠢ ᠴᠡᠪᠡᠷᠯᠡᠵᠦ ᠪᠠᠷᠠᠭᠰᠠᠨ ᠤ ᠳᠠᠷᠠᠭ᠎ᠠ ᠨᠡᠪᠳᠡᠷᠡᠬᠦᠯᠬᠦ ᠨᠥᠬᠦᠴᠡᠯ ᠢ ᠪᠦᠷᠢᠯᠳᠦᠭᠦᠯᠦᠭᠰᠡᠨ ᠤ ᠳᠠᠷᠠᠭ᠎ᠠ ᠰᠠᠶ᠋ᠢ ᠭᠠᠳᠠᠭᠰᠢ ᠭᠠᠷᠴᠣ ᠪᠣᠯᠣᠨ᠎ᠠ ᠭᠡᠪᠡ᠃
       ᠣᠳᠣᠬᠠᠨ ᠳᠤ᠂ ᠬᠠᠷᠢᠶᠠᠲᠤ ᠣᠷᠣᠨ ᠤ ᠤᠯᠤᠰ ᠤᠨ ᠵᠠᠮ ᠤᠨ 303 ᠱᠤᠭᠤᠮ ᠤᠨ ᠬᠤᠷᠠᠭᠰᠠᠨ ᠴᠠᠰᠤ ᠶᠢ ᠪᠦᠬᠦᠨ ᠢ ᠠᠷᠢᠯᠭᠠᠵᠤ᠂ ᠪᠥᠬᠦ ᠱᠤᠭᠤᠮ ᠢᠶᠠᠷ ᠢᠶᠠᠨ ᠨᠢᠭᠡᠨᠲᠡ ᠵᠠᠮ ᠬᠠᠷᠢᠯᠴᠠᠭ᠎ᠠ ᠶᠢ ᠰᠡᠷᠭᠦᠭᠡᠵᠦ᠂ ᠲᠡᠷᠭᠡ ᠬᠥᠰᠬᠡ ᠬᠡᠪ ᠤᠨ ᠶᠣᠰᠣᠭᠠᠷ ᠨᠡᠪᠳᠡᠷᠡᠪᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号