ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠵᠠᠷᠯᠢᠭ 50 | ᠳ᠋ᠤᠭᠠᠷ ᠲᠣᠭᠠᠲᠤ | ︽ᠨᠠᠰᠤᠨ ᠳᠤ ᠥᠯᠥ ᠭᠦᠷᠦᠭᠰᠡᠳ ᠢ ᠰᠤᠷᠭᠠᠭᠤᠯᠢ ᠠᠴᠠ ᠬᠠᠮᠠᠭᠠᠯᠠᠬᠤ ᠳᠣᠭᠲᠠᠭᠠᠯ︾ ᠢ 2021 ᠣᠨ ᠤ | 5 ᠰᠠᠷ᠎ᠠ ᠶᠢᠨ 25 ᠤ ᠡᠳᠦᠷ ᠰᠤᠷᠭᠠᠨ ᠬᠥᠮᠦᠵᠢᠯ ᠤᠨ ᠶᠠᠮᠤᠨ ᠤ ᠠᠩᠬᠠᠳᠤᠭᠠᠷ ᠤᠳᠠᠭᠠᠨ ᠤ ᠶᠠᠮᠤᠨ ᠤ | ᠶᠠᠪᠤᠳᠠᠯ ᠤᠨ ᠬᠤᠷᠠᠯᠳᠤᠭᠠᠨ ᠠᠴᠠ ᠬᠢᠨᠠᠨ ᠵᠦᠪᠯᠡᠵᠦ ᠪᠠᠲᠤᠯᠠᠪᠠ᠃ ᠣᠲᠣ ᠨᠡᠶᠢᠲᠡᠯᠡᠶ᠎ᠡ᠂ 2021 ᠣᠨ ᠤ 9 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠰᠤᠷᠭᠠᠨ ᠬᠥᠮᠦᠵᠢᠯ ᠤᠨ ᠶᠠᠮᠤᠨ ᠤ ᠰᠠᠶᠢᠳ ᠴᠧᠨ ᠪᠦᠦ ᠱᠧᠩ | 2021 ᠣᠨ ᠤ 6 ᠰᠠᠷ᠎ᠠ ᠶᠢᠨ 1 ᠤ ᠡᠳᠦᠷ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠤᠷᠭᠠᠭᠤᠯᠢ ᠶᠢᠨ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠨᠠᠰᠤᠨ ᠳᠤ ᠦᠯᠦ | ᠬᠦᠷᠦᠭᠰᠡᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ | ᠪᠦᠬᠦ ᠲᠠᠯ᠎ᠠ ᠪᠠᠷ ᠬᠥᠭᠵᠢᠵᠦ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠥᠯᠥᠭᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ | ᠬᠠᠤᠯᠢ ᠳᠦᠷᠢᠮ ᠢ ᠦᠨᠳᠦᠰᠦᠯᠡᠨ ᠲᠤᠰ ᠳᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠡᠩ ᠤᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ︵ᠳᠣᠷᠣᠭᠰᠢ ᠰᠤᠷᠭᠠᠭᠤᠯᠢ ᠭᠡᠵᠦ ᠳᠦᠭᠦᠮᠴᠢᠯᠡᠨ᠎ᠡ︶ ᠨᠢ ᠰᠤᠷᠭᠠᠭᠤᠯᠢ ᠶᠢᠨ ᠢᠶᠠᠨ ᠨᠠᠰᠤᠨ ᠳᠤ ᠦᠯᠦ | ᠬᠦᠷᠦᠭᠰᠡᠳ ︵ᠳᠣᠷᠣᠭᠰᠢ ᠰᠤᠷᠤᠭᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠤᠨ ᠰᠤᠷᠭᠠᠭᠤᠯᠢ ᠳᠤ ᠰᠤᠷᠤᠯᠴᠠᠵᠤ᠂ | ᠠᠮᠢᠳᠤᠷᠠᠵᠤ ᠪᠠᠶᠢᠭ᠎ᠠ ᠬᠤᠭᠤᠴᠠᠭᠠᠨ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠲᠤᠰ | ᠳᠣᠭᠲᠠᠭᠠᠯ ᠢ ᠬᠡᠷᠡᠭᠯᠡᠨ᠎ᠡ᠃ | ᠭᠤᠷᠪᠠᠳᠤᠭᠠᠷ ᠵᠦᠢᠯ ᠰᠤᠷᠭᠠᠭᠤᠯᠢ ᠡᠷᠬᠡᠪᠰᠢ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ | ᠂ ᠬᠠᠤᠯᠢ ᠶᠣᠰᠤ ᠪᠠᠷ ᠰᠤᠷᠭᠠᠭᠤᠯᠢ ᠡᠷᠬᠢᠯᠡᠨ᠂ ᠬᠠᠤᠯᠢ ᠶᠣᠰᠤ ᠪᠠᠷ ᠰᠤᠷᠭᠠᠭᠤᠯᠢ ᠪᠠᠨ ᠵᠠᠰᠠᠵᠤ᠂ ᠰᠤᠷᠤᠭᠴᠢ ᠶᠢᠨ | ᠡᠷᠬᠡ ᠠᠰᠢᠭ ᠢ ᠬᠠᠮᠠᠭᠠᠯᠠᠬᠤ ᠬᠠᠤᠯᠢ ᠶᠣᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠮᠠᠭᠠᠯᠠᠬᠤ | ᠳᠦᠷᠢᠮ ᠢᠶᠠᠨ ᠲᠡᠭᠦᠯᠳᠡᠷᠵᠢᠭᠦᠯᠵᠦ᠂ ᠬᠠᠮᠠᠭᠠᠯᠠᠬᠤ ᠲᠣᠭᠲᠠᠴᠠ ᠢᠶᠠᠨ ᠲᠡᠭᠦᠯᠳᠡᠷᠵᠢᠭᠦᠯᠬᠦ ᠬᠡᠷᠡᠭᠲᠡᠢ᠃ | ᠳᠥᠷᠪᠡᠳᠦᠭᠡᠷ ᠵᠦᠢᠯ ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠠᠵᠢᠯ ᠳᠤ ᠪᠠᠨ ᠡᠷᠬᠡᠪᠰᠢ ᠨᠠᠰᠤᠨ ᠳᠤ | ᠦᠯᠦ ᠬᠦᠷᠦᠭᠰᠡᠳ ᠲᠤ ᠬᠠᠮᠤᠭ ᠤᠨ ᠠᠰᠢᠭ ᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠬᠠᠮᠠᠭᠠᠯᠠᠬᠤ ᠪᠠ ᠰᠤᠷᠭᠠᠨ | ᠬᠥᠮᠦᠵᠢᠭᠦᠯᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠤᠭᠴᠢ ᠶᠢᠨ ᠪᠡᠶ᠎ᠡ ᠰᠡᠳᠬᠢᠯ ᠤᠨ ᠡᠷᠡᠭᠦᠯ ᠢᠶᠠᠷ | ᠬᠥᠭᠵᠢᠬᠦ ᠵᠢᠮ᠎ᠡ ᠶᠣᠰᠣ ᠪᠠ ᠣᠨᠴᠠᠯᠢᠭ ᠲᠤ ᠵᠣᠬᠢᠴᠠᠬᠤ ᠬᠡᠷᠡᠭᠲᠡᠢ︔ ᠰᠤᠷᠤᠭᠴᠢ ᠨᠢᠭᠡ ᠪᠦᠷᠢ ᠶᠢ ᠬᠠᠯᠠᠮᠵᠢᠯᠠᠨ | ᠬᠠᠶᠢᠷᠠᠯᠠᠵᠤ᠂ ᠰᠤᠷᠤᠭᠴᠢ ᠶᠢᠨ ᠡᠷᠬᠡ ᠶᠢ ᠬᠦᠨᠳᠦᠳᠬᠡᠨ᠂ ᠰᠤᠷᠤᠭᠴᠢ ᠶᠢᠨ ᠰᠠᠨᠠᠯ ᠢ ᠰᠣᠨᠣᠰᠬᠤ ᠬᠡᠷᠡᠭᠲᠡᠢ᠃ | ᠲᠠᠪᠤᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠡᠷᠬᠡᠪᠰᠢ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ | ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠶᠢ ᠳᠡᠮᠵᠢᠬᠦ ᠠᠷᠭ᠎ᠠ ᠪᠣᠳᠤᠯᠭ᠎ᠠ᠂ ᠦᠢᠯᠡᠴᠢᠯᠡᠭᠡᠨ ᠤ | ᠳᠣᠭᠲᠠᠯᠴᠠᠭ᠎ᠠ ᠪᠠᠨ ᠲᠡᠭᠦᠯᠳᠡᠷᠵᠢᠭᠦᠯᠵᠦ᠂ ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠠᠵᠢᠯ ᠢ ᠳᠡᠮᠵᠢᠬᠦ᠂ | ᠵᠢᠯᠣᠭᠤᠳᠬᠤ᠂ ᠬᠢᠨᠠᠯᠲᠠ ᠲᠠᠯᠪᠢᠬᠤ ᠪᠠ ᠦᠨᠡᠯᠡᠬᠦ ᠶᠢ ᠴᠢᠩᠭᠠᠳᠬᠠᠬᠤ ᠬᠡᠷᠡᠭᠲᠡᠢ᠃ | ᠬᠤᠶᠠᠳᠤᠭᠠᠷ ᠪᠦᠯᠦᠭ ᠡᠩ ᠤᠨ ᠬᠠᠮᠠᠭᠠᠯᠠᠯᠲᠠ | ᠵᠢᠷᠭᠤᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠨᠢᠭᠡ ᠪᠦᠷᠢ ᠳᠤ ᠡᠷᠬᠡ ᠲᠡᠭᠰᠢ ᠬᠠᠨᠳᠤᠵᠤ᠂ | ᠰᠤᠷᠤᠭᠴᠢ ᠵᠢᠴᠢ ᠲᠡᠭᠦᠨ ᠤ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ︵ᠳᠣᠷᠣᠭᠰᠢ ᠭᠡᠷ ᠤᠨ ᠠᠬᠠᠮᠠᠳ | ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠦᠨᠳᠦᠰᠦᠲᠡᠨ᠂ ᠠᠷᠠᠰᠤᠲᠠᠨ᠂ ᠬᠦᠢᠰᠦ ᠶᠢᠨ ᠢᠯᠭᠠᠯ᠂ ᠡᠷᠦᠬᠡ ᠠᠮᠠ᠂ | ᠠᠵᠢᠯ ᠮᠡᠷᠭᠡᠵᠢᠯ᠂ ᠱᠠᠰᠢᠨ ᠰᠢᠲᠦᠯᠭᠡ᠂ ᠰᠤᠷᠭᠠᠨ ᠬᠥᠮᠦᠵᠢᠯ ᠬᠦᠷᠲᠡᠭᠰᠡᠨ ᠬᠢᠷᠢ ᠬᠡᠮᠵᠢᠶ᠎ᠡ᠂ ᠭᠡᠷ ᠪᠦᠯᠢ ᠶᠢᠨ | ᠪᠠᠶᠢᠳᠠᠯ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠠᠴᠠ ᠪᠣᠯᠵᠤ ᠰᠤᠷᠤᠭᠴᠢ ᠶᠢ ᠭᠠᠳᠠᠭᠤᠷᠴᠢᠯᠠᠬᠤ | ᠪᠤᠶᠤ ᠰᠤᠷᠤᠭᠴᠢ ᠶᠢ ᠢᠯᠭᠠᠨ ᠦᠵᠡᠵᠦ ᠪᠣᠯᠬᠤ ᠦᠭᠡᠶ᠃ | ᠳᠣᠯᠣᠳᠤᠭᠠᠷ ᠵᠦᠢᠯ ᠰᠤᠷᠭᠠᠭᠤᠯᠢ ᠡᠷᠬᠡᠪᠰᠢ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠬᠢ ᠰᠤᠷᠤᠭᠴᠢ ᠶᠢᠨ | ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠰᠤᠷᠭᠠᠭᠤᠯᠢ ᠠᠴᠠ ᠠᠶᠤᠯ ᠭᠠᠮᠰᠢᠭ ᠠᠴᠠ ᠠᠪᠤᠷᠠᠬᠤ | ᠠᠵᠢᠯ ᠢ ᠬᠢᠯᠭᠡᠬᠦ ᠪᠠᠷ ᠰᠤᠷᠤᠭᠴᠢ ᠶᠢ ᠵᠣᠬᠢᠶᠠᠨ ᠪᠠᠶᠢᠭᠤᠯᠤᠨ ᠲᠣᠬᠢᠷᠠᠭᠤᠯᠵᠤ ᠪᠣᠯᠬᠤ ᠦᠭᠡᠢ᠂ ᠲᠦᠭᠰᠢᠭᠦᠷᠢᠲᠡᠢ | ᠠᠵᠢᠯ ᠳᠤ ᠣᠷᠣᠯᠴᠠᠭᠤᠯᠵᠤ ᠪᠣᠯᠬᠤ ᠦᠭᠡᠶ᠂ ᠰᠤᠷᠤᠭᠴᠢ ᠶᠢ ᠬᠤᠳᠠᠯᠳᠤᠭᠠᠨ ᠤ ᠴᠢᠨᠠᠷᠲᠠᠶ ᠠᠵᠢᠯᠯᠠᠭ᠎ᠠ ᠵᠢᠴᠢ | ᠰᠤᠷᠤᠭᠴᠢ ᠣᠷᠣᠯᠴᠠᠬᠤ ᠳᠤ ᠲᠣᠬᠢᠷᠠᠬᠤ ᠦᠭᠡᠶ ᠪᠣᠰᠤᠳ ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠶ᠃ | ᠰᠤᠷᠤᠭᠴᠢ ᠰᠤᠷᠭᠠᠭᠤᠯᠢ ᠶᠢᠨ ᠲᠣᠲᠤᠨᠠᠬᠢ ᠪᠤᠶᠤ ᠲᠤᠰ ᠰᠤᠷᠭᠠᠭᠤᠯᠢ ᠠᠴᠠ ᠵᠣᠬᠢᠶᠠᠨ ᠪᠠᠶᠢᠭᠤᠯᠤᠭᠰᠠᠨ | ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠪᠡᠶ᠎ᠡ ᠮᠠᠬᠠᠪᠣᠳ ᠨᠢ ᠭᠡᠮᠲᠦᠭᠰᠡᠨ ᠠᠳᠡᠯ | ᠭᠠᠷᠪᠠᠯ᠂ ᠰᠤᠷᠭᠠᠭᠤᠯᠢ ᠠᠴᠠ ᠬᠤᠯᠪᠤᠭᠳᠠᠬᠤ ᠲᠣᠭᠲᠠᠭᠠᠯ ᠶᠣᠰᠤ ᠪᠠᠷ ᠵᠣᠬᠢᠰᠲᠠᠢ ᠰᠢᠢᠳᠪᠦᠷᠢᠯᠡᠵᠦ᠂ | ᠰᠤᠷᠤᠭᠴᠢ ᠶᠢᠨ ᠭᠡᠷ ᠤᠨ ᠠᠬᠠᠮᠠᠳ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠢ︔ ᠪᠠᠶᠢᠳᠠᠯ ᠨᠢ ᠬᠦᠨᠳᠦ | ᠨᠣᠴᠢᠲᠠᠶ ᠪᠣᠯ ᠲᠣᠭᠲᠠᠭᠠᠯ ᠶᠣᠰᠤ ᠪᠠᠷ ᠬᠤᠯᠪᠤᠭᠳᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ᠨᠠᠢᠮᠠᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠪᠡᠶ᠎ᠡ ᠶᠢᠨ ᠡᠷᠬᠡ ᠴᠢᠯᠥᠭᠡ ᠳᠤ ᠬᠠᠯᠳᠠᠭᠰᠠᠨ | ᠬᠠᠮᠢᠶᠠᠷᠤᠯᠲᠠ ᠶᠢᠨ ᠠᠷᠭ᠎ᠠ ᠶᠢ ᠳᠣᠭᠲᠠᠭᠠᠵᠤ ᠪᠣᠯᠬᠤ ᠦᠭᠡᠶ᠂ ᠰᠤᠷᠤᠭᠴᠢ ᠬᠢᠴᠢᠶᠡᠯ ᠤᠨ ᠵᠠᠪᠰᠠᠷᠯᠠᠭ᠎ᠠ ᠪᠤᠶᠤ ᠵᠢᠭᠠᠨ | ᠰᠤᠷᠭᠠᠯᠲᠠ ᠶᠢᠨ ᠪᠤᠰᠤ ᠴᠠᠭ ᠲᠠᠬᠢ ᠵᠦᠶ ᠶᠣᠰᠣᠨ ᠤ ᠬᠠᠷᠢᠯᠴᠠᠭ᠎ᠠ᠂ ᠲᠣᠭᠯᠠᠭᠠᠮ᠂ ᠠᠩᠭᠢ ᠶᠢᠨ ᠭᠡᠷ ᠠᠴᠠ ᠭᠠᠷᠴᠤ | ᠬᠥᠳᠡᠯᠭᠡᠭᠡᠨ ᠬᠢᠬᠦ ᠵᠡᠷᠭᠡ ᠦᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠶᠢ ᠶᠣᠰᠤ ᠪᠤᠰᠤ ᠪᠠᠷ ᠬᠢᠵᠠᠭᠠᠷᠯᠠᠵᠤ | ᠪᠣᠯᠬᠤ ᠦᠭᠡᠢ᠃ | ᠶᠢᠰᠦᠳᠦᠭᠡᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠬᠥᠮᠦᠨ ᠮᠥᠰᠦ ᠨᠡᠷ᠎ᠡ ᠬᠦᠨᠳᠦ ᠶᠢ | ᠬᠦᠨᠳᠦᠳᠬᠡᠨ ᠬᠠᠮᠠᠭᠠᠯᠠᠵᠤ᠂ ᠰᠤᠷᠤᠭᠴᠢ ᠶᠢᠨ ᠨᠡᠷ᠎ᠡ ᠠᠯᠳᠠᠷ ᠢ ᠬᠦᠨᠳᠦᠳᠬᠡᠨ᠂ ᠰᠤᠷᠤᠭᠴᠢ ᠶᠢᠨ ᠢᠷᠠᠭᠤ ᠠᠯᠳᠠᠷᠲᠤ | ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠬᠠᠮᠠᠭᠠᠯᠠᠨ ᠪᠤᠶᠢᠵᠢᠭᠤᠯᠵᠤ᠂ ᠰᠤᠷᠤᠭᠴᠢ ᠶᠢᠨ ᠢᠯᠡ ᠲᠣᠳᠤ᠂ | ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠬᠥᠬᠢᠭᠦᠯᠵᠦ ᠱᠠᠩᠨᠠᠬᠤ ᠬᠡᠷᠡᠭᠲᠡᠶ︔ ᠰᠤᠷᠭᠠᠨ ᠬᠥᠮᠦᠵᠢᠭᠦᠯᠬᠦ᠂ | ᠬᠠᠮᠢᠶᠠᠷᠬᠤ ᠶᠠᠪᠤᠴᠠ ᠳᠤ ᠶᠠᠮᠠᠷᠪᠠ ᠰᠤᠷᠤᠭᠴᠢ ᠵᠢᠴᠢ ᠭᠡᠷ ᠤᠨ ᠠᠬᠠᠮᠠᠳ ᠪᠤᠶᠤ ᠲᠡᠭᠦᠨ ᠤ ᠬᠠᠷᠢᠶᠠᠯᠠᠭᠳᠠᠬᠤ | ᠣᠨᠴᠠᠭᠠᠢ ᠬᠠᠮᠲᠤᠯᠢᠭ ᠢ ᠭᠤᠲᠤᠭᠠᠨ ᠳᠣᠷᠣᠮᠵᠢᠯᠠᠭᠰᠠᠨ ᠦᠭᠡ ᠶᠠᠷᠢᠶ᠎ᠠ ᠥᠢᠯᠡ ᠠᠵᠢᠯᠯᠠᠭ᠎ᠠ᠂ ᠠᠷᠭ᠎ᠠ ᠬᠡᠯᠪᠡᠷᠢ ᠶᠢ | ᠠᠪᠴᠤ ᠪᠣᠯᠬᠤ ᠥᠭᠡᠢ᠃ | ᠠᠷᠪᠠᠳᠤᠭᠠᠷ ᠵᠦᠢᠯ ᠰᠤᠷᠭᠠᠭᠤᠯᠢ ᠰᠤᠷᠤᠭᠴᠢ ᠶᠢᠨ ᠮᠡᠳᠡᠭᠡ ᠵᠠᠩᠭᠢ ᠶᠢ ᠴᠤᠭᠯᠠᠭᠤᠯᠬᠤ ᠳᠤ ᠪᠠᠨ ᠰᠤᠷᠤᠭᠴᠢ | ᠪᠠ ᠭᠡᠷ ᠤᠨ ᠠᠬᠠᠮᠠᠳ ᠲᠤ ᠮᠡᠳᠡᠭᠳᠡᠬᠦ ᠬᠡᠷᠡᠭᠲᠡᠶ ᠪᠥᠭᠡᠳ ᠰᠤᠷᠤᠭᠴᠢ ᠪᠠ ᠲᠡᠭᠦᠨ ᠤ ᠭᠡᠷ ᠪᠦᠯᠢ ᠠᠴᠠ ᠣᠯᠤᠭᠰᠠᠨ | ᠮᠡᠳᠡᠭᠡ ᠵᠠᠩᠭᠢ ᠪᠠᠨ ᠬᠠᠮᠢᠶᠠᠷᠬᠤ᠂ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠬᠤᠬᠢᠷᠠᠭᠤᠯᠬᠤ ᠪᠤᠶᠤ ᠬᠠᠤᠯᠢ | ᠪᠤᠰᠤ ᠪᠠᠷ ᠪᠠᠯᠠᠯᠬᠤ᠂ ᠵᠠᠳᠠᠷᠠᠭᠤᠯᠬᠤ᠂ ᠢᠯᠡ ᠪᠣᠯᠭᠠᠬᠤ᠂ ᠬᠤᠳᠠᠯᠳᠤᠭᠠᠯᠠᠵᠤ ᠪᠣᠯᠬᠤ ᠦᠭᠡᠶ᠃ | ᠰᠤᠷᠭᠠᠭᠤᠯᠢ ᠨᠢ ᠱᠠᠩᠨᠠᠬᠤ᠂ ᠲᠡᠳᠬᠦᠨ ᠲᠤᠰᠠᠯᠠᠬᠤ᠂ ᠶᠠᠳᠠᠭᠤ ᠶᠢ ᠲᠤᠰᠠᠯᠠᠬᠤ ᠶᠢ ᠭᠤᠶᠤᠴᠢᠯᠠᠬᠤ ᠵᠡᠷᠭᠡ | ᠠᠵᠢᠯ ᠤᠨ ᠶᠠᠪᠤᠴᠠ ᠳᠤ ᠰᠣᠷᠣᠭᠴᠢ ᠪᠠ ᠲᠡᠭᠦᠨ ᠤ ᠬᠡᠷ ᠪᠦᠯᠢ ᠶᠢᠨ ᠨᠢᠭᠤᠴᠠ ᠶᠢ ᠵᠠᠳᠠᠷᠠᠭᠤᠯᠵᠤ ᠪᠣᠯᠬᠤ ᠥᠬᠡᠶ︔ | ᠰᠤᠷᠭᠠᠭᠤᠯᠢ ᠠᠴᠠ ᠰᠤᠷᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ᠂ ᠨᠡᠷᠡᠰ ᠤᠨ ᠳᠠᠷᠠᠭᠠᠯᠠᠯ ᠵᠡᠷᠭᠡ | ᠰᠤᠷᠤᠯᠭ᠎ᠠ ᠶᠢᠨ ᠮᠡᠳᠡᠭᠡ ᠵᠠᠩᠭᠢ ᠶᠢ ᠰᠤᠷᠤᠭᠴᠢ ᠪᠠ ᠬᠡᠷ ᠤᠨ ᠠᠬᠠᠮᠠᠳ ᠣᠶᠢᠯᠠᠭᠠᠵᠤ ᠮᠡᠳᠡᠬᠦ ᠳᠤ ᠲᠥᠬᠦᠮ | ᠦᠵᠡᠭᠦᠯᠬᠦ ᠬᠡᠷᠡᠭᠲᠡᠶ᠂ ᠭᠡᠪᠡᠴᠦ ᠢᠯᠡ ᠨᠡᠶᠢᠲᠡᠯᠡᠵᠦ ᠪᠣᠯᠬᠤ ᠥᠬᠡᠶ᠂ ᠰᠤᠷᠭᠠᠭᠤᠯᠢ ᠳᠡᠪᠰᠢᠭᠰᠡᠨ ᠪᠠᠶᠢᠳᠠᠯ ᠢ | ᠤᠬᠠᠭᠤᠯᠵᠤ ᠪᠣᠯᠬᠤ ᠥᠬᠡᠶ︔ ᠬᠠᠤᠯᠢ ᠳᠤ ᠲᠣᠭᠲᠠᠭᠠᠭᠰᠠᠨ ᠰᠢᠯᠲᠠᠭᠠᠨ ᠠᠴᠠ ᠭᠠᠳᠠᠨ᠎ᠠ ᠰᠤᠷᠤᠭᠴᠢ ᠶᠢᠨ ᠵᠠᠬᠢᠳᠠᠯ᠂ | ᠡᠳᠦᠷ ᠤᠨ ᠲᠡᠮᠳᠡᠭᠯᠡᠯ᠂ ᠢᠮᠧᠯ ᠪᠤᠶᠤ ᠰᠦᠯᠵᠢᠶᠡᠨ ᠤ ᠪᠤᠰᠤᠳ ᠴᠢᠮᠡᠭᠡ ᠨᠡᠪᠲᠡᠷᠡᠯᠭᠡ ᠶᠢᠨ ᠠᠭᠤᠯᠭ᠎ᠠ ᠶᠢ ᠪᠠᠶᠢᠴᠠᠭᠠᠨ | ᠦᠵᠡᠵᠦ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠰᠤᠷᠭᠠᠨ ᠬᠥᠮᠦᠵᠢᠯ ᠬᠦᠷᠲᠡᠬᠦ ᠡᠷᠬᠡ ᠶᠢ | ᠬᠦᠨᠳᠦᠳᠬᠡᠨ ᠬᠠᠮᠠᠭᠠᠯᠠᠵᠤ᠂ ᠰᠤᠷᠤᠭᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠡᠷᠬᠡ | ᠲᠡᠭᠰᠢ ᠪᠠᠷ ᠡᠳ᠋ᠯᠡᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠳᠤ ᠲᠣᠬᠢᠷᠠᠭᠤᠯᠤᠭᠰᠠᠨ ᠡᠯ᠎ᠡ | ᠵᠦᠢᠯ ᠤᠨ ᠠᠵᠢᠯᠯᠠᠭ᠎ᠠ ᠳᠤ ᠣᠷᠣᠯᠴᠠᠬᠤ᠂ ᠰᠤᠷᠤᠯᠭ᠎ᠠ ᠶᠢᠨ ᠬᠢᠷᠢ ᠪᠦᠲᠦᠮᠵᠢ ᠪᠣᠯᠤᠨ ᠶᠣᠰᠤ ᠰᠤᠷᠲᠠᠬᠤᠨ ᠢ ᠲᠥᠪ | ᠭᠤᠤᠯᠴᠢ ᠪᠠᠷ ᠦᠨᠡᠯᠡᠬᠦ ᠶᠢ ᠪᠠᠲᠤᠯᠠᠬᠤ ᠬᠡᠷᠡᠭᠲᠡᠶ᠃ | ᠪᠡᠶ᠎ᠡ ᠰᠡᠳᠬᠢᠯ ᠤᠨ ᠬᠠᠷᠰᠢ ᠪᠥᠬᠦᠢ ᠰᠤᠷᠤᠭᠴᠢ ᠳᠤ ᠵᠦᠶ ᠵᠣᠬᠢᠰᠲᠠᠶ ᠲᠥᠬᠦᠮ ᠦᠵᠡᠭᠦᠯᠵᠦ᠂ ᠠᠭᠤᠰᠬᠠᠨ | ᠬᠥᠮᠦᠵᠢᠭᠦᠯᠬᠦ ᠶᠢ ᠬᠡᠷᠡᠭᠵᠢᠭᠦᠯᠵᠦ᠂ ᠣᠨᠴᠠᠭᠠᠢ ᠳᠡᠮᠵᠢᠯᠭᠡ ᠦᠵᠡᠭᠦᠯᠬᠦ ᠬᠡᠷᠡᠭᠲᠡᠶ︔ ᠰᠤᠷᠤᠯᠴᠠᠬᠤ ᠳᠤ ᠬᠦᠴᠢᠷᠳᠡᠯᠲᠡᠢ | ᠂ ᠬᠥᠳᠡᠯᠦᠯ ᠪᠠᠶᠢᠳᠠᠯ ᠨᠢ ᠬᠡᠪ ᠤᠨ ᠪᠤᠰᠤ ᠰᠤᠷᠤᠭᠴᠢ ᠶᠢ ᠵᠣᠬᠢᠬᠤ ᠠᠷᠭ᠎ᠠ ᠮᠠᠶ᠋ᠢᠭ ᠢᠶᠠᠷ ᠰᠤᠷᠭᠠᠨ ᠬᠥᠮᠦᠵᠢᠭᠦᠯᠵᠦ᠂ | ᠬᠠᠪᠰᠤᠷᠴᠤ᠂ ᠴᠢᠬᠤᠯᠠᠲᠠᠢ ᠦᠶ᠎ᠡ ᠳᠤ ᠪᠠᠭᠰᠢ ᠪᠤᠶᠤ ᠲᠤᠰᠬᠠᠶ ᠮᠡᠷᠭᠡᠵᠢᠯ ᠤᠨ ᠠᠵᠢᠯᠲᠠᠨ ᠠᠴᠠ ᠬᠢᠴᠢᠶᠡᠯ ᠤᠨ | ᠳᠠᠷᠠᠭ᠎ᠠ ᠬᠠᠪᠰᠤᠷᠤᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠬᠠᠪᠰᠤᠷᠤᠯᠭ᠎ᠠ ᠳᠡᠮᠵᠢᠯᠭᠡ ᠦᠵᠡᠭᠦᠯᠵᠦ ᠪᠣᠯᠤᠨ᠎ᠠ᠃ | | ᠰᠤᠷᠭᠠᠭᠤᠯᠢ ᠡᠷᠬᠡᠪᠰᠢ ᠬᠡᠷ ᠲᠤ ᠪᠠᠨ ᠦᠯᠡᠳᠡᠭᠰᠡᠨ ᠰᠣᠷᠣᠭᠴᠢ᠂ ᠬᠦᠴᠢᠷᠳᠡᠯ ᠳᠤ ᠲᠤᠯᠭᠠᠷᠠᠭᠰᠠᠨ | ᠰᠣᠷᠣᠭᠴᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠲᠠᠢ | ᠬᠠᠮᠲᠤᠷᠠᠨ ᠬᠠᠯᠠᠮᠵᠢᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠬᠡᠷ ᠪᠦᠯᠢ ᠶᠢᠨ ᠰᠢᠯᠲᠠᠭᠠᠨ ᠠᠴᠠ | ᠪᠣᠯᠵᠣ ᠰᠤᠷᠤᠭᠴᠢ ᠶᠢᠨ ᠰᠤᠷᠤᠯᠭ᠎ᠠ ᠠᠯᠳᠠᠬᠤ᠂ ᠰᠤᠷᠤᠯᠭ᠎ᠠ ᠵᠣᠭᠰᠣᠬᠤ ᠶᠢ ᠬᠤᠷᠢᠭᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢ ᠰᠤᠷᠤᠭᠴᠢ ᠶᠢ | ᠰᠤᠷᠭᠠᠭᠤᠯᠢ ᠠᠴᠠ ᠬᠥᠭᠡᠭᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠰᠤᠷᠭᠠᠭᠤᠯᠢ ᠠᠴᠠ ᠬᠥᠭᠡᠭᠡᠵᠦ ᠪᠣᠯᠬᠤ ᠦᠭᠡᠶ | ᠂ ᠤᠷᠲᠤ ᠬᠤᠭᠤᠴᠠᠭ᠎ᠠ ᠪᠠᠷ ᠬᠢᠴᠢᠶᠡᠯ ᠵᠣᠭᠰᠣᠭᠠᠬᠤ᠂ ᠰᠤᠷᠤᠯᠭ᠎ᠠ ᠵᠣᠭᠰᠤᠬᠤ ᠶᠢ ᠢᠳᠬᠠᠬᠤ ᠵᠡᠷᠭᠡ ᠠᠷᠭ᠎ᠠ | ᠮᠠᠶ᠋ᠢᠭ ᠢᠶᠠᠷ ᠰᠤᠷᠤᠭᠴᠢ ᠰᠤᠷᠭᠠᠭᠤᠯᠢ ᠳᠤ ᠰᠠᠭᠤᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠪᠠ ᠠᠯᠪᠠᠨ | ᠵᠢᠷᠤᠮ ᠤᠨ ᠰᠤᠷᠭᠠᠨ ᠬᠥᠮᠥᠵᠢᠯ ᠢ ᠪᠡᠶᠡᠯᠡᠭᠦᠯᠬᠦ ᠡᠷᠬᠡ ᠶᠢ ᠬᠠᠰᠤᠵᠤ ᠪᠣᠯᠬᠤ ᠦᠭᠡᠶ︔ ᠲᠤᠰᠬᠠᠢ ᠰᠤᠷᠭᠠᠭᠤᠯᠢ ᠳᠤ | ᠰᠢᠯᠵᠢᠨ ᠤᠷᠤᠬᠰᠠᠨ ᠰᠤᠷᠤᠬᠴᠢ ᠶᠢᠨ ᠰᠤᠷᠭᠠᠭᠤᠯᠢ ᠶᠢᠨ ᠬᠠᠷᠢᠶᠠᠯᠠᠯ ᠢ ᠡᠷᠬᠡᠪᠰᠢ ᠦᠯᠡᠳᠡᠭᠡᠵᠦ᠂ ᠤᠤᠯ ᠤᠨ | ᠳᠣᠭᠲᠠᠭᠠᠭᠰᠠᠨ ᠪᠠᠶᠢᠭᠤᠯᠭ᠎ᠠ ᠰᠢᠯᠵᠢᠭᠦᠯᠦᠨ ᠠᠪᠴᠢᠷᠠᠬᠤ ᠪᠠᠷ ᠲᠣᠭᠲᠠᠭᠠᠭᠰᠠᠨ ᠰᠤᠷᠤᠬᠴᠢ ᠶᠢ ᠬᠦᠯᠢᠶᠡᠨ ᠠᠪᠬᠤ ᠶᠢ | ᠲᠡᠪᠴᠢᠵᠦ ᠪᠣᠯᠬᠤ ᠦᠭᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠡᠪᠰᠢ ᠰᠤᠷᠭᠠᠭᠤᠯᠢ ᠶᠢᠨ ᠬᠠᠷᠢᠶᠠᠨ ᠤ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠵᠣᠭᠰᠤᠭᠰᠠᠨ ᠪᠤᠶᠤ ᠰᠤᠷᠤᠯᠭ᠎ᠠ ᠪᠠᠨ | ᠲᠦᠷ ᠵᠣᠭᠰᠤᠭᠰᠠᠨ᠂ ᠤᠷᠲᠤ ᠬᠤᠭᠤᠴᠠᠭ᠎ᠠ ᠪᠠᠷ ᠴᠢᠯᠥᠭᠡ ᠭᠤᠶᠤᠭᠰᠠᠨ ᠰᠤᠷᠤᠭᠴᠢ ᠶᠢ ᠳᠠᠩᠰᠠᠯᠠᠬᠤ ᠳᠦᠷᠢᠮ ᠢ | ᠲᠡᠭᠦᠯᠳᠡᠷᠵᠢᠭᠦᠯᠵᠦ᠂ ᠰᠤᠷᠤᠯᠭ᠎ᠠ ᠪᠠᠨ ᠵᠣᠭᠰᠣᠭᠰᠠᠨ ᠰᠤᠷᠤᠭᠴᠢ ᠶᠢ ᠲᠡᠷᠡ ᠳᠠᠷᠤᠢ ᠳᠤ ᠨᠢ ᠰᠤᠷᠭᠠᠭᠤᠯᠢ ᠳᠤ ᠪᠠᠨ | ᠪᠤᠴᠠᠬᠤ ᠶᠢ ᠢᠳᠬᠠᠵᠤ᠂ ᠢᠳᠬᠠᠨ ᠢᠷᠡᠭᠦᠯᠵᠦ ᠳᠡᠶᠢᠯᠦᠭᠰᠡᠨ ᠦᠭᠡᠶ ᠪᠣᠯ ᠬᠤᠯᠪᠤᠭᠳᠠᠬᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠰᠤᠷᠭᠠᠭᠤᠯᠢ ᠳᠠᠬᠢ ᠰᠤᠷᠤᠯᠴᠠᠵᠤ | ᠠᠮᠠᠷᠠᠬᠤ ᠴᠠᠭ ᠢ ᠲᠣᠭᠲᠠᠭᠠᠯ ᠶᠣᠰᠤ ᠪᠠᠷ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ | ᠰᠤᠷᠤᠭᠴᠢ ᠶᠢᠨ ᠠᠮᠠᠷᠠᠬᠤ᠂ ᠤᠷᠠᠨ ᠰᠠᠶᠢᠬᠠᠨ ᠤ ᠠᠵᠢᠯᠯᠠᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ | ᠣᠷᠣᠯᠴᠠᠬᠤ ᠲᠣᠬᠢᠶᠠᠯ ᠪᠠ ᠴᠠᠭ ᠢ ᠪᠠᠲᠤᠯᠠᠵᠤ᠂ ᠰᠤᠷᠤᠭᠴᠢ ᠶᠢ ᠳᠣᠭᠲᠠᠭᠰᠠᠨ ᠬᠢᠴᠢᠶᠡᠯ ᠤᠨ ᠴᠠᠭ ᠠᠴᠠ ᠡᠮᠦᠨ᠎ᠡ | ᠰᠤᠷᠭᠠᠭᠤᠯᠢ ᠳᠤ ᠬᠦᠷᠴᠦ᠂ ᠬᠢᠴᠢᠶᠡᠯ ᠬᠥᠮᠦᠵᠢᠯ ᠤᠨ ᠠᠵᠢᠯᠯᠠᠭ᠎ᠠ ᠳᠤ ᠣᠷᠣᠯᠴᠠᠭᠤᠯᠬᠤ ᠪᠠᠷ ᠨᠢᠭᠡᠳᠦᠯᠲᠡᠶ | ᠱᠠᠭᠠᠷᠳᠠᠵᠤ ᠪᠣᠯᠬᠤ ᠦᠭᠡᠶ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢ ᠤᠯᠤᠰ ᠤᠨ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠶᠢ ᠡᠵᠡᠯᠡᠨ ᠰᠤᠷᠤᠭᠴᠢ ᠶᠢ | ᠵᠣᠬᠢᠶᠠᠨ ᠪᠠᠶᠢᠭᠤᠯᠤᠨ ᠬᠠᠮᠲᠤ ᠪᠠᠷ ᠬᠢᠴᠢᠶᠡᠯ ᠨᠥᠬᠦᠵᠦ ᠪᠣᠯᠬᠤ ᠦᠭᠡᠢ︔ ᠬᠠᠮᠲᠤ ᠪᠠᠷ ᠬᠢᠴᠢᠶᠡᠯ ᠨᠥᠬᠦᠬᠦ ᠵᠡᠷᠭᠡ | ᠬᠡᠯᠪᠡᠷᠢ ᠪᠠᠷ ᠰᠤᠷᠤᠭᠴᠢ ᠶᠢᠨ ᠠᠮᠠᠷᠠᠬᠤ ᠴᠠᠭ ᠢ ᠡᠵᠡᠯᠡᠵᠦ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠰᠤᠷᠭᠠᠭᠤᠯᠢ ᠨᠢ ᠡᠳ᠋ ᠪᠣᠳᠠᠰ ᠢ ᠡᠪᠳᠡᠬᠦ ᠠᠷᠭ᠎ᠠ ᠪᠠᠷ ᠰᠤᠷᠤᠭᠴᠢ ᠳᠤ | ᠬᠥᠮᠦᠵᠢᠯ ᠪᠠ ᠬᠠᠮᠢᠶᠠᠷᠤᠯᠲᠠ ᠬᠢᠵᠦ ᠪᠣᠯᠬᠤ ᠦᠭᠡᠶ᠂ ᠰᠤᠷᠭᠠᠭᠤᠯᠢ ᠶᠢᠨ ᠬᠦᠷᠢᠶᠡᠨ ᠳᠤ ᠬᠠᠤᠯᠢ ᠲᠣᠭᠲᠠᠭᠠᠯ ᠠᠴᠠ | ᠵᠦᠷᠢᠴᠡᠨ ᠠᠪᠴᠤ ᠶᠠᠪᠤᠭ᠎ᠠ ᠰᠤᠷᠤᠭᠴᠢ ᠶᠢᠨ ᠡᠳ᠋ ᠪᠣᠳᠠᠰ ᠢ ᠲᠣᠭᠲᠠᠭᠠᠯ ᠶᠣᠰᠤ ᠪᠠᠷ ᠲᠦᠷ ᠦᠯᠡᠳᠡᠭᠡᠵᠦ | ᠠᠪᠤᠭᠰᠠᠨ ᠪᠣᠯ ᠨᠢᠭᠡᠳᠦᠯᠲᠡᠶ ᠬᠠᠮᠢᠶᠠᠷᠬᠤ ᠶᠢᠨ ᠬᠠᠮᠲᠤ ᠬᠤᠯᠪᠤᠭᠳᠠᠬᠤ ᠲᠣᠭᠲᠠᠭᠠᠯ ᠶᠣᠰᠤ ᠪᠠᠷ ᠰᠢᠢᠳᠪᠦᠷᠢᠯᠡᠬᠦ | ᠬᠡᠷᠡᠭᠲᠡᠶ᠃ | ᠰᠤᠷᠭᠠᠭᠤᠯᠢ ᠨᠢ ᠲᠣᠭᠲᠠᠭᠠᠯ ᠠᠴᠠ ᠵᠥᠷᠢᠴᠡᠨ ᠰᠤᠷᠤᠭᠴᠢ ᠠᠴᠠ ᠰᠦᠢᠳᠬᠡᠯ ᠬᠤᠷᠢᠶᠠᠵᠤ ᠪᠣᠯᠬᠤ ᠦᠭᠡᠶ᠂ | ᠠᠯᠪᠠᠳᠠᠨ ᠱᠠᠭᠠᠷᠳᠠᠬᠤ ᠪᠤᠶᠤ ᠨᠥᠬᠦᠴᠡᠯ ᠳᠤᠷᠠᠳᠴᠤ ᠰᠤᠷᠤᠭᠴᠢ ᠪᠤᠶᠤ ᠭᠡᠷ ᠤᠨ ᠠᠬᠠᠮᠠᠳ ᠢᠶᠠᠷ ᠵᠣᠭᠤᠰ ᠮᠥᠩᠭᠦ | ᠡᠳ᠋ ᠪᠣᠳᠠᠰ ᠲᠤᠰᠠᠯᠠᠭᠤᠯᠵᠤ᠂ ᠲᠠᠸᠠᠷ ᠪᠤᠶᠤ ᠦᠢᠯᠡᠴᠢᠯᠡᠭᠡ ᠬᠤᠳᠠᠯᠳᠤᠨ ᠠᠪᠤᠭᠤᠯᠬᠤ ᠪᠠᠷ ᠱᠠᠭᠠᠷᠳᠠᠵᠤ ᠪᠣᠯᠬᠤ | ᠦᠭᠡᠢ᠂ ᠡᠳ᠋ ᠪᠣᠳᠠᠰ ᠤᠨ ᠬᠠᠪᠰᠤᠷᠤᠯᠭ᠎ᠠ᠂ ᠲᠥᠯᠦᠪᠦᠷᠢᠲᠡᠢ ᠦᠢᠯᠡᠴᠢᠯᠡᠭᠡ ᠬᠠᠩᠭᠠᠯᠭᠠᠬᠤ ᠪᠠᠷ ᠭᠡᠷ ᠤᠨ ᠠᠬᠠᠮᠠᠳ ᠢ | ᠱᠠᠭᠠᠷᠳᠠᠵᠤ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠪᠦᠲᠦᠭᠡᠯ ᠢ ᠨᠡᠶᠢᠲᠡᠯᠡᠬᠦ᠂ ᠡᠮᠬᠢᠳᠬᠡᠬᠦ᠂ | ᠬᠡᠪᠯᠡᠭᠦᠯᠬᠦ ᠵᠡᠷᠭᠡ ᠠᠷᠭ᠎ᠠ ᠪᠠᠷ ᠰᠤᠷᠤᠭᠴᠢ ᠶᠢᠨ ᠪᠥᠲᠦᠭᠡᠯ ᠢ ᠭᠠᠳᠠᠭᠰᠢ ᠤᠬᠠᠭᠤᠯᠬᠤ ᠪᠤᠶᠤ ᠢᠯᠡ ᠪᠠᠷ | ᠬᠡᠷᠡᠭᠯᠡᠬᠦ ᠳᠤ ᠪᠠᠨ ᠰᠤᠷᠤᠭᠴᠢ ᠪᠣᠯᠤᠨ ᠭᠡᠷ ᠤᠨ ᠠᠬᠠᠮᠠᠳ ᠤᠨ ᠵᠥᠪᠰᠢᠶᠡᠷᠡᠯ ᠢ ᠣᠯᠬᠤ ᠶᠢᠨ ᠬᠠᠮᠲᠤ ᠰᠤᠷᠤᠭᠴᠢ ᠶᠢᠨ | ᠡᠷᠬᠡ ᠶᠢ ᠬᠠᠤᠯᠢ ᠶᠣᠰᠤ ᠪᠠᠷ ᠬᠠᠮᠠᠭᠠᠯᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠣᠷᠣᠯᠴᠠᠬᠤ ᠡᠷᠬᠡ ᠪᠠ ᠢᠯᠡᠳᠬᠡᠬᠦ | ᠡᠷᠬᠡ ᠶᠢ ᠬᠦᠨᠳᠦᠳᠬᠡᠵᠦ᠂ ᠰᠤᠷᠤᠭᠴᠢ ᠰᠤᠷᠭᠠᠭᠤᠯᠢ ᠶᠢᠨ ᠳᠦᠷᠢᠮ᠂ ᠰᠤᠷᠭᠠᠭᠤᠯᠢ ᠶᠢᠨ ᠰᠠᠬᠢᠯᠭ᠎ᠠ ᠳᠦᠷᠢᠮ᠂ | ᠠᠩᠭᠢ ᠨᠡᠶᠢᠲᠡ ᠶᠢᠨ ᠭᠡᠷ᠎ᠡ ᠶᠢ ᠲᠣᠭᠲᠠᠭᠠᠬᠤ ᠳᠤ ᠣᠷᠣᠯᠴᠠᠬᠤ ᠶᠢ ᠵᠢᠯᠣᠭᠤᠳᠤᠨ ᠳᠡᠮᠵᠢᠵᠦ᠂ ᠰᠤᠷᠤᠭᠴᠢ ᠶᠢᠨ ᠡᠷᠬᠡ | ᠠᠰᠢᠭ ᠲᠠᠢ ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠳᠤ ᠪᠠᠨ ᠵᠣᠬᠢᠰᠲᠠᠶ ᠠᠷᠭ᠎ᠠ ᠪᠠᠷ ᠰᠤᠷᠤᠭᠴᠢ ᠶᠢᠨ | ᠰᠠᠨᠠᠯ ᠢ ᠰᠣᠨᠣᠰᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢ ᠰᠤᠷᠭᠠᠨ ᠬᠥᠮᠦᠵᠢᠭᠦᠯᠵᠦ ᠵᠠᠯᠬᠠᠭᠠᠨ | ᠴᠡᠭᠡᠷᠯᠡᠭᠦᠯᠬᠦ ᠪᠤᠶᠤ ᠰᠢᠢᠳᠭᠡᠬᠦ ᠳᠤ ᠪᠠᠨ ᠡᠷᠬᠡᠪᠰᠢ ᠬᠤᠯᠪᠤᠭᠳᠠᠬᠤ ᠲᠣᠭᠲᠠᠭᠠᠯ ᠢ ᠦᠨᠳᠦᠰᠦᠯᠡᠨ᠂ ᠰᠤᠷᠤᠭᠴᠢ ᠶᠢᠨ | ᠲᠣᠭᠠᠴᠢᠬᠤ᠂ ᠲᠣᠳᠣᠷᠬᠠᠶᠢᠯᠠᠬᠤ ᠶᠢ ᠰᠣᠨᠣᠰᠴᠤ᠂ ᠪᠣᠯᠭᠤᠮᠵᠢᠲᠠᠶ᠂ ᠡᠷᠬᠡ ᠲᠡᠭᠰᠢ᠂ ᠭᠤᠤᠯᠴᠢ ᠪᠠᠶᠢᠬᠤ ᠵᠠᠷᠴᠢᠮ ᠢ | ᠵᠢᠷᠤᠮᠯᠠᠨ ᠳᠣᠭᠲᠠᠭᠠᠯ ᠭᠠᠷᠭᠠᠬᠤ ᠬᠡᠷᠡᠭᠲᠡᠶ᠃ | ᠰᠤᠷᠭᠠᠭᠤᠯᠢ ᠠᠴᠠ ᠬᠥᠭᠡᠭᠡᠬᠦ ᠰᠢᠢᠳᠭᠡᠯ ᠠᠴᠠ ᠭᠠᠳᠠᠨ᠎ᠠ᠂ ᠰᠢᠢᠳᠭᠡᠯ ᠣᠯᠭᠤᠬᠤ ᠳᠤ ᠪᠠᠨ ᠰᠣᠷᠣᠭᠴᠢ ᠳᠤ | ᠬᠤᠭᠤᠴᠠᠭ᠎ᠠ ᠳᠣᠭᠲᠠᠭᠠᠨ ᠥᠭᠴᠦ᠂ ᠰᠢᠢᠳᠭᠡᠯ ᠣᠯᠤᠭᠰᠠᠨ ᠰᠣᠷᠣᠭᠴᠢ ᠶᠢ ᠮᠥᠷᠳᠡᠨ ᠠᠵᠢᠭᠯᠠᠵᠤ᠂ | ᠬᠠᠨᠳᠤᠯᠭᠠᠲᠠᠢ ᠪᠠᠷ ᠰᠤᠷᠭᠠᠨ ᠬᠥᠮᠥᠵᠢᠭᠦᠯᠵᠦ᠂ ᠦᠨᠡᠨ ᠬᠦ ᠵᠠᠯᠠᠷᠠᠭᠤᠯᠤᠭᠰᠠᠨ ᠪᠣᠯ ᠬᠤᠭᠤᠴᠠᠭ᠎ᠠ ᠨᠢ ᠲᠤᠯᠪᠠᠯ | ᠰᠢᠢᠳᠭᠡᠯ ᠢ ᠬᠦᠴᠦᠨ ᠥᠬᠡᠶ ᠪᠣᠯᠭᠠᠨ᠎ᠠ᠃ ᠰᠢᠢᠳᠭᠡᠯ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠰᠤᠷᠤᠭᠴᠢ | ᠬᠥᠬᠢᠭᠦᠯᠦᠯ᠂ ᠱᠠᠩᠨᠠᠯ ᠵᠢᠴᠢ ᠪᠤᠰᠤᠳ ᠡᠷᠬᠡ ᠠᠰᠢᠭ ᠢ ᠣᠯᠬᠤ ᠳᠤ ᠤᠤᠯ ᠤᠨ ᠰᠢᠢᠳᠭᠡᠯ ᠳᠤ ᠨᠥᠯᠥᠭᠡᠯᠡᠭᠳᠡᠬᠦ | ᠥᠬᠡᠶ᠃ | ᠭᠤᠷᠪᠠᠳᠤᠭᠠᠷ ᠪᠦᠯᠦᠭ ᠲᠤᠰᠬᠠᠶ ᠬᠠᠮᠠᠭᠠᠯᠠᠯᠲᠠ | ᠠᠷᠪᠠᠨ ᠨᠠᠢᠮᠠᠳᠤᠭᠠᠷ ᠵᠦᠢᠯ ᠰᠤᠷᠭᠠᠭᠤᠯᠢ ᠡᠷᠬᠡᠪᠰᠢ ᠬᠠᠤᠯᠢ ᠴᠠᠭᠠᠵᠠ ᠶᠢᠨ ᠲᠣᠭᠲᠠᠭᠠᠯ ᠶᠣᠰᠤ ᠪᠠᠷ | ᠰᠤᠷᠤᠭᠴᠢ ᠶᠢᠨ ᠳᠣᠷᠤᠮᠵᠢᠯᠠᠯ ᠢ ᠰᠡᠷᠭᠡᠶᠢᠯᠡᠨ ᠡᠵᠡᠮᠳᠡᠬᠦ ᠪᠠ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠶᠢ | ᠰᠡᠷᠭᠡᠶᠢᠯᠡᠬᠦ ᠵᠡᠷᠭᠡ ᠲᠤᠰᠬᠠᠶ ᠳᠦᠷᠢᠮ ᠢ ᠳᠣᠭᠲᠠᠭᠠᠵᠤ᠂ ᠰᠤᠷᠤᠭᠴᠢ ᠶᠢᠨ ᠳᠣᠷᠤᠮᠵᠢᠯᠠᠯ᠂ ᠪᠡᠯᠭᠡ ᠶᠢᠨ ᠬᠠᠯᠳᠠᠯᠭ᠎ᠠ᠂ | ᠪᠡᠯᠭᠡ ᠶᠢᠨ ᠲᠦᠢᠪᠡᠭᠡᠯᠭᠡ ᠶᠢ ᠥᠴᠦᠬᠡᠨ ᠴᠦ ᠬᠦᠯᠢᠴᠡᠬᠦ ᠦᠭᠡᠶ ᠪᠠᠷ ᠰᠢᠢᠳᠪᠦᠷᠢᠯᠡᠬᠦ ᠲᠣᠭᠲᠠᠴᠠ ᠪᠠ ᠪᠡᠶ᠎ᠡ | ᠰᠡᠳᠬᠢᠯ ᠤᠨ ᠰᠢᠷᠬᠠᠯᠭ᠎ᠠ ᠣᠯᠤᠭᠰᠠᠨ ᠰᠤᠷᠤᠭᠴᠢ ᠶᠢ ᠬᠠᠯᠠᠮᠵᠢᠯᠠᠨ ᠬᠠᠶᠢᠷᠠᠯᠠᠬᠤ᠂ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠰᠤᠷᠭᠠᠭᠤᠯᠢ ᠶᠢᠨ ᠬᠤᠯᠪᠤᠭᠳᠠᠬᠤ ᠠᠵᠢᠯᠲᠠᠨ᠂ ᠬᠠᠤᠯᠢ ᠪᠠᠷ ᠵᠠᠰᠠᠬᠤ | ᠰᠤᠷᠭᠠᠭᠤᠯᠢ ᠶᠢᠨ ᠳᠡᠳ᠋ ᠵᠠᠬᠢᠷᠤᠯ᠂ ᠬᠠᠤᠯᠢ ᠶᠢᠨ ᠵᠥᠪᠯᠡᠭᠴᠢ᠂ ᠬᠤᠯᠪᠤᠭᠳᠠᠬᠤ ᠲᠤᠰᠬᠠᠶ ᠮᠡᠷᠭᠡᠵᠢᠯᠲᠡᠨ᠂ ᠭᠡᠷ ᠤᠨ | ᠠᠬᠠᠮᠠᠳ ᠤᠨ ᠲᠥᠯᠥᠭᠡᠯᠡᠭᠴᠢ᠂ ᠰᠤᠷᠤᠭᠴᠢ ᠶᠢᠨ ᠲᠥᠯᠥᠭᠡᠯᠡᠭᠴᠢ ᠵᠡᠷᠭᠡ ᠣᠷᠣᠯᠴᠠᠭᠰᠠᠨ ᠰᠤᠷᠤᠭᠴᠢ ᠶᠢᠨ | ᠳᠣᠷᠤᠮᠵᠢᠯᠠᠯ ᠢ ᠴᠡᠭᠴᠡᠯᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠰᠤᠷᠤᠭᠴᠢ ᠶᠢᠨ ᠳᠣᠷᠤᠮᠵᠢᠯᠠᠯ ᠤᠨ | ᠦᠢᠯᠡ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠤᠬᠠᠭᠤᠯᠤᠨ ᠬᠥᠮᠥᠵᠢᠭᠦᠯᠵᠦ᠂ ᠵᠣᠬᠢᠶᠠᠨ ᠪᠠᠶᠢᠭᠤᠯᠵᠤ | ᠮᠠᠭᠠᠳᠯᠠᠨ ᠲᠣᠭᠲᠠᠭᠠᠬᠤ᠂ ᠵᠠᠯᠠᠷᠠᠭᠤᠯᠤᠨ ᠵᠠᠰᠠᠭᠤᠯᠬᠤ᠂ ᠲᠤᠰᠠᠯᠠᠮᠵᠢ ᠬᠠᠩᠭᠠᠬᠤ ᠵᠡᠷᠭᠡ ᠶᠢ ᠬᠠᠷᠢᠭᠤᠴᠠᠬᠤ ᠬᠡᠷᠡᠭᠲᠡᠶ | ᠃ | ᠰᠤᠷᠭᠠᠭᠤᠯᠢ ᠲᠣᠭᠲᠠᠮᠠᠯ ᠬᠤᠭᠤᠴᠠᠭᠠᠲᠠᠢ ᠪᠠᠷ ᠪᠥᠬᠦ ᠰᠤᠷᠤᠭᠴᠢ ᠳᠤ ᠴᠢᠭᠯᠡᠭᠦᠯᠦᠨ ᠳᠣᠷᠤᠮᠵᠢᠯᠠᠯ ᠢ | ᠰᠡᠷᠭᠡᠶᠢᠯᠡᠨ ᠵᠠᠰᠠᠬᠤ ᠲᠤᠰᠬᠠᠶ ᠪᠠᠶᠢᠴᠠᠭᠠᠯᠲᠠ ᠬᠢᠵᠦ᠂ ᠰᠤᠷᠭᠠᠭᠤᠯᠢ ᠳᠤ ᠳᠣᠷᠤᠮᠵᠢᠯᠠᠯ ᠣᠷᠣᠰᠢᠵᠤ ᠪᠠᠶᠢᠬᠤ ᠡᠰᠡᠬᠦ | ᠪᠠᠶᠢᠳᠠᠯ ᠢ ᠦᠨᠡᠯᠡᠨ ᠵᠢᠱᠢᠬᠦ ᠬᠡᠷᠡᠭᠲᠡᠶ᠃ | ᠬᠤᠷᠢᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢ ᠰᠤᠷᠭᠠᠨ ᠬᠥᠮᠦᠵᠢᠭᠦᠯᠵᠦ᠂ ᠬᠥᠲᠥᠯᠥᠨ | ᠵᠢᠯᠣᠭᠤᠳᠴᠤ᠂ ᠡᠷᠬᠡ ᠲᠡᠭᠰᠢ᠂ ᠨᠥᠬᠦᠷᠰᠡᠭ᠂ ᠬᠠᠷᠢᠯᠴᠠᠨ ᠬᠠᠪᠰᠤᠷᠬᠤ ᠬᠠᠮᠲᠤ ᠰᠤᠷᠤᠭᠴᠢ ᠶᠢᠨ ᠬᠠᠷᠢᠴᠠᠭ᠎ᠠ ᠶᠢ | ᠪᠠᠶᠢᠭᠤᠯᠵᠤ᠂ ᠪᠠᠭᠰᠢ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠰᠤᠷᠤᠭᠴᠢ ᠶᠢᠨ ᠳᠣᠷᠤᠮᠵᠢᠯᠠᠯ ᠢ | ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠬᠤᠯᠪᠤᠭᠳᠠᠬᠤ ᠲᠥᠷᠥ ᠶᠢᠨ ᠪᠣᠳᠣᠯᠭ᠎ᠠ᠂ ᠠᠷᠭ᠎ᠠ ᠪᠣᠳᠤᠯᠭ᠎ᠠ ᠪᠠ | ᠠᠷᠭ᠎ᠠ ᠬᠡᠮᠵᠢᠶ᠎ᠡ ᠶᠢ ᠰᠤᠷᠤᠯᠴᠠᠭᠤᠯᠵᠤ᠂ ᠰᠤᠷᠤᠭᠴᠢ ᠳᠤ ᠵᠣᠬᠢᠬᠤ ᠲᠤᠰᠬᠠᠶ ᠰᠡᠳᠦᠪᠲᠦ ᠬᠥᠮᠦᠵᠢᠯ ᠬᠢᠬᠦ ᠶᠢᠨ | ᠬᠠᠮᠲᠤ ᠪᠠᠶᠢᠳᠠᠯ ᠢ ᠨᠢ ᠦᠨᠳᠦᠰᠦᠯᠡᠨ ᠬᠤᠯᠪᠤᠭᠳᠠᠬᠤ ᠰᠤᠷᠤᠭᠴᠢ ᠶᠢᠨ ᠭᠡᠷ ᠤᠨ ᠠᠬᠠᠮᠠᠳ ᠲᠤ ᠴᠢᠬᠤᠯᠠ ᠪᠦᠬᠦᠢ | ᠭᠡᠷ ᠤᠨ ᠬᠥᠮᠦᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠪᠠᠭᠰᠢ ᠠᠵᠢᠯᠲᠠᠨ ᠠᠵᠢᠯᠴᠢᠨ ᠠᠴᠠ ᠰᠤᠷᠤᠭᠴᠢ ᠶᠢᠨ ᠳᠤᠤᠷᠠᠬᠢ ᠮᠡᠲᠦ ᠦᠢᠯᠡ | ᠠᠵᠢᠯᠯᠠᠭ᠎ᠠ ᠬᠢᠭᠰᠡᠨ ᠢ ᠣᠯᠵᠤ ᠮᠡᠳᠡᠪᠡᠯ᠂ ᠳᠠᠷᠦ᠋ᠢᠬᠠᠨ ᠬᠤᠷᠢᠭᠯᠠᠨ ᠵᠣᠭᠰᠣᠭᠠᠬᠤ ᠬᠡᠷᠡᠭᠲᠡᠶ᠄ | ︵ᠨᠢᠭᠡ︶ ᠵᠣᠳᠣᠬᠤ᠂ ᠢᠰᠬᠦᠯᠬᠦ᠂ ᠠᠯᠠᠭᠠᠳᠠᠬᠤ᠂ ᠮᠠᠭᠠᠵᠢᠬᠤ᠂ ᠬᠠᠵᠠᠬᠤ᠂ ᠲᠦᠯᠬᠢᠯᠴᠡᠬᠦ᠂ ᠳᠠᠳᠠᠯᠴᠠᠬᠤ | ᠵᠡᠷᠭᠡ ᠠᠷᠭ᠎ᠠ ᠪᠠᠷ ᠪᠤᠰᠤᠳ ᠤᠨ ᠪᠡᠶ᠎ᠡ ᠮᠠᠬᠠᠪᠤᠳ ᠲᠤ ᠬᠠᠯᠳᠠᠬᠤ ᠪᠤᠶᠤ ᠪᠤᠰᠤᠳ ᠢ ᠠᠶᠤᠯᠭᠠᠨ ᠰᠦᠷᠳᠡᠭᠦᠯᠬᠦ︔ | ︵ᠬᠤᠶᠠᠷ︶ ᠭᠤᠲᠤᠭᠠᠨ ᠬᠠᠷᠢᠶᠠᠬᠤ᠂ ᠬᠤᠱᠣᠩᠨᠠᠨ ᠶᠣᠵᠣᠯᠠᠬᠤ᠂ ᠡᠯᠡᠭ ᠪᠠᠷᠢᠬᠤ᠂ ᠬᠤᠣᠷ ᠢ ᠨᠢ ᠮᠠᠯᠲᠠᠬᠤ᠂ | ᠳᠣᠷᠣᠮᠵᠢᠯᠠᠵᠤ ᠭᠤᠳᠤᠭᠠᠭᠰᠠᠨ ᠬᠤᠴᠢ ᠨᠡᠷ᠎ᠡ ᠥᠭᠬᠦ ᠵᠡᠷᠭᠡ ᠠᠷᠭ᠎ᠠ ᠮᠠᠶ᠋ᠢᠭ ᠢᠶᠠᠷ ᠪᠤᠰᠤᠳ ᠤᠨ ᠨᠡᠷ᠎ᠡ ᠬᠦᠨᠳᠦ ᠳᠤ | ᠬᠠᠯᠳᠠᠬᠤ︔ | ︵ᠭᠤᠷᠪᠠ︶ ᠪᠤᠰᠤᠳ ᠤᠨ ᠡᠳ᠋ ᠪᠣᠳᠠᠰ ᠢ ᠪᠤᠯᠢᠶᠠᠬᠤ᠂ ᠠᠯᠪᠠ ᠪᠠᠷ ᠠᠪᠬᠤ ᠪᠤᠶᠤ ᠵᠣᠷᠢᠭᠤᠳᠠ ᠡᠪᠳᠡᠨ | ᠰᠦᠢᠳᠬᠡᠬᠦ︔ | ︵ᠲᠦᠷᠪᠡ︶ ᠮᠠᠭᠤ ᠰᠠᠨᠠᠭ᠎ᠠ ᠪᠠᠷ ᠪᠣᠰᠤᠳ ᠢ ᠭᠠᠳᠠᠭᠤᠷᠴᠢᠯᠠᠵᠤ᠂ ᠭᠠᠭᠴᠠᠭᠠᠷᠳᠠᠭᠤᠯᠵᠤ᠂ ᠰᠤᠷᠭᠠᠭᠤᠯᠢ ᠶᠢᠨ | ᠠᠵᠢᠯᠯᠠᠭ᠎ᠠ ᠪᠤᠶᠤ ᠨᠡᠶᠢᠭᠡᠮ ᠤᠨ ᠬᠠᠷᠢᠯᠴᠠᠭ᠎ᠠ ᠳᠤ ᠣᠷᠣᠯᠴᠠᠬᠤ ᠶᠢ ᠨᠥᠯᠥᠭᠡᠯᠡᠬᠦ︔ | ︵ᠲᠠᠪᠤ︶ ᠰᠦᠯᠵᠢᠶ᠎ᠡ ᠪᠤᠶᠤ ᠪᠤᠰᠤᠳ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠬᠡᠷᠡᠭ ᠤᠴᠢᠷ ᠢ ᠬᠤᠳᠠᠯ ᠢᠶᠠᠷ ᠵᠣᠬᠢᠶᠠᠵᠤ ᠪᠣᠰᠤᠳ ᠢ ᠭᠦᠳᠬᠡᠭᠰᠡᠨ᠂ ᠴᠤᠤᠷᠬᠠᠯ ᠲᠠᠯᠪᠢᠭᠰᠠᠨ ᠪᠤᠶᠤ | ᠪᠤᠷᠤᠭᠤ ᠮᠡᠳᠡᠭᠡ ᠵᠠᠩᠭᠢ ᠲᠠᠷᠬᠠᠭᠠᠵᠤ ᠪᠣᠰᠤᠳ ᠢ ᠭᠦᠳᠬᠡᠭᠰᠡᠨ᠂ ᠪᠣᠰᠤᠳ ᠤᠨ ᠨᠢᠭᠤᠴᠠ ᠶᠢ ᠮᠠᠭᠤ ᠰᠠᠨᠠᠭ᠎ᠠ ᠪᠠᠷ | ᠤᠯᠠᠮᠵᠢᠯᠠᠨ ᠲᠠᠷᠬᠠᠭᠠᠭᠰᠠᠨ᠃ | ᠰᠤᠷᠤᠭᠴᠢ ᠶᠢᠨ ᠬᠤᠭᠤᠷᠣᠨᠳᠣ᠂ ᠨᠠᠰᠤ ᠵᠢᠯ᠂ ᠪᠡᠶ᠎ᠡ ᠮᠠᠬᠠᠪᠣᠳ ᠪᠤᠶᠤ ᠬᠥᠮᠦᠨ ᠤ ᠲᠤᠭ᠎ᠠ ᠵᠡᠷᠭᠡ ᠲᠠᠯ᠎ᠠ ᠪᠠᠷ | ᠳᠠᠪᠠᠭᠤᠯᠢᠭ ᠪᠠᠶᠢᠷᠢ ᠶᠢ ᠡᠵᠡᠯᠡᠬᠦ ᠨᠢᠭᠡ ᠡᠲᠡᠭᠡᠳ ᠨᠢ ᠵᠣᠷᠢᠭᠤᠳᠠ ᠪᠤᠶᠤ ᠮᠠᠭᠤ ᠰᠠᠨᠠᠭ᠎ᠠ ᠪᠠᠷ ᠨᠥᠬᠦᠭᠡ | ᠡᠲᠡᠭᠡᠳ ᠲᠤ ᠪᠠᠨ ᠳᠡᠭᠡᠷ᠎ᠡ ᠳᠤᠷᠠᠳᠤᠭᠰᠠᠨ ᠥᠢᠯᠡ ᠠᠵᠢᠯᠯᠠᠭ᠎ᠠ ᠶᠢ ᠬᠢᠭᠰᠡᠨ᠂ ᠡᠰᠡᠬᠦᠯ᠎ᠡ ᠪᠤᠰᠤᠳ ᠠᠷᠭ᠎ᠠ | ᠮᠠᠶ᠋ᠢᠭ ᠢᠶᠠᠷ ᠨᠥᠬᠦᠭᠡ ᠡᠲᠡᠭᠡᠳ ᠢᠶᠠᠨ ᠳᠠᠷᠤᠯᠠᠵᠤ᠂ ᠭᠤᠲᠤᠭᠠᠵᠤ ᠳᠣᠷᠤᠮᠵᠢᠯᠠᠭᠰᠠᠨ᠂ ᠪᠡᠶ᠎ᠡ ᠮᠠᠬᠠᠪᠤᠳ ᠢ | ᠭᠡᠮᠲᠦᠭᠡᠭᠰᠡᠨ᠂ ᠡᠳ᠋ ᠬᠥᠷᠥᠩᠭᠡ ᠶᠢ ᠨᠢ ᠬᠤᠬᠢᠷᠠᠭᠤᠯᠤᠭᠰᠠᠨ ᠪᠤᠶᠤ ᠰᠡᠳᠬᠢᠯ ᠢ ᠨᠢ ᠰᠡᠪᠲᠦᠭᠡᠭᠰᠡᠨ ᠪᠣᠯ | ᠳᠣᠷᠤᠮᠵᠢᠯᠠᠯ ᠢᠶᠠᠷ ᠮᠠᠭᠠᠳᠯᠠᠨ ᠲᠣᠭᠲᠠᠭᠠᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ ᠪᠠᠭᠰᠢ ᠠᠵᠢᠯᠳᠠᠨ ᠠᠵᠢᠯᠴᠢᠨ ᠡᠷᠬᠡᠪᠰᠢ ᠪᠡᠶ᠎ᠡ ᠮᠠᠬᠠᠪᠣᠳ ᠤᠨ ᠨᠥᠬᠦᠴᠡᠯ᠂ | ᠭᠡᠷ ᠪᠦᠯᠢ ᠶᠢᠨ ᠪᠠᠶᠢᠳᠠᠯ ᠪᠤᠶᠤ ᠰᠤᠷᠤᠯᠭ᠎ᠠ ᠶᠢᠨ ᠬᠢᠷᠢ ᠪᠦᠲᠦᠮᠵᠢ ᠵᠡᠷᠭᠡ ᠨᠢ ᠠᠨᠠᠢ ᠪᠤᠶᠤ ᠣᠨᠴᠠᠭᠠᠢ ᠰᠤᠷᠤᠭᠴᠢ ᠶᠢ | ᠠᠩᠬᠠᠷᠴᠤ᠂ ᠰᠤᠷᠤᠭᠴᠢ ᠶᠢᠨ ᠭᠠᠭᠴᠠᠭᠠᠷᠳᠠᠭᠰᠠᠨ᠂ ᠭᠠᠳᠠᠭᠤᠷᠴᠢᠯᠠᠭᠳᠠᠭᠰᠠᠨ ᠵᠡᠷᠭᠡ ᠪᠠᠶᠢᠳᠠᠯ ᠢ ᠣᠯᠵᠤ ᠮᠡᠳᠡᠮᠡᠭᠴᠡ | ᠳᠠᠷᠤᠢ ᠳᠤ ᠨᠢ ᠬᠠᠮᠢᠶᠠᠷᠬᠤ ᠬᠡᠷᠡᠭᠲᠡᠢ᠃ | ᠪᠠᠭᠰᠢ ᠠᠵᠢᠯᠲᠠᠨ ᠠᠵᠢᠯᠴᠢᠨ ᠠᠴᠠ ᠰᠤᠷᠤᠭᠴᠢ ᠶᠢᠨ ᠤᠷᠮ᠎ᠠ ᠰᠡᠳᠬᠢᠯᠭᠡ ᠬᠡᠪ ᠤᠨ ᠪᠤᠰᠤ᠂ ᠪᠡᠶ᠎ᠡ | ᠮᠠᠬᠠᠪᠣᠳ ᠭᠡᠮᠲᠦᠭᠰᠡᠨ ᠵᠡᠷᠭᠡ ᠶᠢ ᠮᠡᠳᠡᠮᠡᠭᠴᠡ ᠳᠠᠷᠤᠢ ᠳᠤ ᠨᠢ ᠬᠤᠯᠪᠤᠭ᠎ᠠ ᠪᠠᠷᠢᠵᠤ ᠪᠠᠶᠢᠳᠠᠯ ᠢ ᠣᠶᠢᠯᠠᠭᠠᠵᠤ᠂ | ᠳᠣᠷᠣᠮᠵᠢᠯᠠᠭᠳᠠᠭᠰᠠᠨ ᠪᠣᠯᠤᠮᠵᠢᠲᠠᠢ ᠪᠣᠯ ᠳᠠᠷᠤᠢ ᠳᠤ ᠨᠢ ᠰᠤᠷᠭᠠᠭᠤᠯᠢ ᠳᠤ ᠮᠡᠳᠡᠭᠦᠯᠬᠦ ᠬᠡᠷᠡᠭᠲᠡᠶ᠃ | ᠰᠤᠷᠭᠠᠭᠤᠯᠢ ᠡᠷᠬᠡᠪᠰᠢ ᠰᠤᠷᠤᠭᠴᠢᠳ ᠲᠤ ᠰᠤᠷᠤᠭᠴᠢ ᠶᠢᠨ ᠳᠣᠷᠤᠮᠵᠢᠯᠠᠯ ᠤᠨ ᠪᠠᠶᠢᠳᠠᠯ ᠢ ᠣᠯᠵᠤ ᠮᠡᠳᠡᠪᠡᠯ | ᠰᠠᠨᠠᠭᠠᠴᠢᠯᠠᠭ᠎ᠠ ᠠᠴᠠ ᠪᠠᠨ ᠳᠠᠷᠤᠢ ᠳᠤ ᠨᠢ ᠮᠡᠳᠡᠭᠦᠯᠵᠦ᠂ ᠥᠪᠡᠷ ᠤᠨ ᠪᠠ ᠪᠤᠰᠤᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠬᠥᠮᠦᠵᠢᠯ ᠬᠢᠬᠦ ᠪᠥᠭᠡᠳ ᠳᠡᠮᠵᠢᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠰᠤᠷᠭᠠᠭᠤᠯᠢ ᠨᠢ ᠰᠤᠷᠤᠭᠴᠢ ᠶᠢᠨ ᠳᠣᠷᠤᠮᠵᠢᠯᠠᠯ ᠤᠨ ᠲᠤᠬᠠᠶ | ᠮᠡᠳᠡᠭᠦᠯᠦᠯᠲᠡ ᠶᠢ ᠣᠯᠪᠠᠯ᠂ ᠳᠠᠷᠤᠶ ᠳᠤ ᠨᠢ ᠪᠠᠶᠢᠴᠠᠭᠠᠵᠤ᠂ ᠳᠣᠷᠤᠮᠵᠢᠯᠠᠯ ᠪᠣᠯᠬᠤ ᠳᠤ ᠬᠦᠷᠪᠡᠯ᠂ ᠳᠠᠷᠦ᠋ᠢᠬᠠᠨ | ᠰᠤᠷᠤᠭᠴᠢ ᠶᠢᠨ ᠳᠣᠷᠤᠮᠵᠢᠯᠠᠯ ᠢ ᠵᠠᠰᠠᠬᠤ ᠵᠣᠬᠢᠶᠠᠨ ᠪᠠᠶᠢᠭᠤᠯᠤᠯᠲᠠ ᠳᠤ ᠲᠤᠰᠢᠶᠠᠵᠤ ᠮᠠᠭᠠᠳᠯᠠᠨ ᠲᠣᠭᠲᠠᠭᠠᠯᠭᠠᠬᠤ | ᠪᠠ ᠰᠢᠢᠳᠪᠦᠷᠢᠯᠡᠭᠦᠯᠬᠦ ᠶᠢᠨ ᠬᠠᠮᠲᠤ ᠬᠤᠯᠪᠤᠭᠳᠠᠬᠤ ᠰᠤᠷᠤᠭᠴᠢ ᠶᠢᠨ ᠭᠡᠷ ᠤᠨ ᠠᠬᠠᠮᠠᠳ ᠲᠤ ᠮᠡᠳᠡᠭᠳᠡᠨ | ᠳᠣᠷᠤᠮᠵᠢᠯᠠᠯ ᠤᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠳᠤ ᠣᠷᠣᠯᠴᠠᠭᠤᠯᠬᠤ | ᠬᠡᠷᠡᠭᠲᠡᠶ᠃ ᠳᠣᠷᠤᠮᠵᠢᠯᠠᠯ ᠭᠡᠵᠦ ᠮᠠᠭᠠᠳᠯᠠᠨ ᠲᠣᠭᠲᠠᠭᠠᠭᠰᠠᠨ ᠪᠣᠯ ᠳᠣᠷᠤᠮᠵᠢᠯᠠᠯ ᠳᠤ ᠣᠷᠣᠯᠴᠠᠭᠰᠠᠨ ᠰᠣᠷᠣᠭᠴᠢ ᠶᠢ | ᠰᠤᠷᠭᠠᠨ ᠬᠥᠮᠦᠵᠢᠭᠦᠯᠵᠦ ᠵᠠᠯᠬᠠᠭᠠᠨ ᠴᠡᠭᠡᠷᠯᠡᠭᠦᠯᠬᠦ ᠪᠤᠶᠤ ᠰᠠᠬᠢᠯᠭ᠎ᠠ ᠪᠠᠲᠤ ᠶᠢᠨ ᠰᠢᠢᠳᠭᠡᠯ ᠥᠭᠴᠦ᠂ ᠬᠡᠷ ᠤᠨ | ᠠᠬᠠᠮᠠᠳ ᠲᠤ ᠬᠡᠦᠬᠡᠳ ᠢᠶᠠᠨ ᠴᠢᠩᠭ᠎ᠠ ᠰᠤᠷᠭᠠᠬᠤ ᠱᠠᠭᠠᠷᠳᠠᠯᠭ᠎ᠠ ᠳᠤᠷᠠᠳᠴᠤ᠂ ᠴᠢᠬᠤᠯᠠ ᠲᠠᠢ ᠦᠶ᠎ᠡ ᠳᠤ | ᠬᠠᠤᠯᠢ ᠪᠠᠷ ᠵᠠᠰᠠᠬᠤ ᠳᠡᠳ᠋ ᠵᠠᠬᠢᠷᠤᠯ᠂ ᠬᠠᠪᠰᠤᠷᠤᠨ ᠵᠢᠯᠣᠭᠤᠳᠣᠭᠴᠢ ᠠᠴᠠ ᠰᠣᠷᠣᠭᠴᠢ ᠵᠢᠴᠢ ᠬᠡᠷ ᠤᠨ ᠠᠬᠠᠮᠠᠳ ᠢ | ᠰᠤᠷᠭᠠᠨ ᠬᠥᠮᠦᠵᠢᠭᠦᠯᠵᠦ ᠪᠣᠯᠤᠨ᠎ᠠ᠃ | ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠪᠤᠶᠤ ᠶᠠᠯ᠎ᠠ ᠭᠡᠵᠦ ᠰᠡᠵᠢᠭᠯᠡᠭᠳᠡᠭᠰᠡᠨ ᠬᠦᠨᠳᠦ | ᠨᠣᠴᠢᠲᠠᠶ ᠳᠣᠷᠤᠮᠵᠢᠯᠠᠯ ᠤᠨ ᠦᠢᠯᠡ ᠠᠵᠢᠯᠯᠠᠭ᠎ᠠ ᠶᠢ ᠰᠤᠷᠭᠠᠭᠤᠯᠢ ᠨᠢᠭᠤᠨ ᠳᠠᠷᠤᠵᠤ ᠪᠣᠯᠬᠤ ᠥᠬᠡᠶ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠳᠠᠷᠤᠢ ᠳᠤ ᠨᠢ ᠮᠡᠳᠡᠭᠦᠯᠬᠦ ᠶᠢᠨ ᠬᠠᠮᠲᠤ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠶᠣᠰᠤ ᠪᠠᠷ | ᠰᠢᠢᠳᠪᠦᠷᠢᠯᠡᠬᠦ ᠬᠡᠷᠡᠭᠲᠡᠢ᠃ | ᠠᠳᠠᠯᠢ ᠪᠤᠰᠤ ᠰᠤᠷᠭᠠᠭᠤᠯᠢ ᠶᠢᠨ ᠰᠤᠷᠤᠭᠴᠢ ᠶᠢᠨ ᠬᠤᠭᠤᠷᠣᠨᠳᠣ ᠡᠭᠦᠰᠦᠭᠰᠡᠨ ᠰᠤᠷᠤᠭᠴᠢ ᠶᠢᠨ | ᠳᠣᠷᠤᠮᠵᠢᠯᠠᠯ ᠤᠨ ᠬᠡᠷᠡᠭ ᠢ ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠵᠢᠯᠣᠭᠤᠳᠣᠯᠭ᠎ᠠ ᠪᠠᠷ ᠬᠠᠮᠲᠤᠷᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠮᠠᠭᠠᠳᠯᠠᠨ ᠲᠣᠭᠲᠠᠭᠠᠬᠤ | ᠪᠠ ᠰᠢᠢᠳᠪᠦᠷᠢᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠰᠤᠷᠭᠠᠭᠤᠯᠢ ᠡᠷᠬᠡᠪᠰᠢ ᠪᠠᠭᠰᠢ ᠠᠵᠢᠯᠲᠠᠨ ᠠᠵᠢᠯᠴᠢᠨ ᠬᠢᠭᠡᠳ | ᠰᠤᠷᠤᠭᠴᠢ ᠶᠢᠨ ᠬᠠᠷᠢᠯᠴᠠᠬᠤ ᠦᠢᠯᠡ ᠠᠵᠢᠯᠯᠠᠭᠠᠨ ᠤ ᠳᠦᠷᠢᠮ᠂ ᠰᠤᠷᠤᠭᠴᠢ ᠶᠢᠨ ᠪᠠᠶᠢᠷᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ᠂ ᠸᠢᠳᠢᠤ᠋ ᠪᠠᠷ ᠬᠢᠨᠠᠨ ᠡᠵᠡᠮᠳᠡᠬᠦ ᠬᠠᠮᠢᠶᠠᠷᠤᠯᠲᠠ ᠶᠢᠨ ᠲᠣᠭᠲᠠᠭᠠᠯ ᠵᠡᠷᠭᠡ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠰᠡᠷᠭᠡᠶᠢᠯᠡᠬᠦ᠂ ᠮᠡᠳᠡᠭᠦᠯᠬᠦ᠂ ᠪᠡᠯᠭᠡ ᠶᠢᠨ ᠬᠠᠯᠳᠠᠯᠭ᠎ᠠ᠂ ᠪᠡᠯᠭᠡ ᠶᠢᠨ | ᠲᠦᠢᠪᠡᠭᠡᠯᠭᠡ ᠶᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ | ᠰᠤᠷᠭᠠᠭᠤᠯᠢ ᠡᠷᠬᠡᠪᠰᠢ ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠭᠰᠢ ᠠᠵᠢᠯᠲᠠᠨ ᠠᠵᠢᠯᠴᠢᠨ ᠵᠢᠴᠢ | ᠰᠤᠷᠭᠠᠭᠤᠯᠢ ᠳᠤ ᠢᠷᠡᠭᠰᠡᠨ ᠪᠣᠰᠤᠳ ᠬᠥᠮᠦᠰ ᠤᠨ ᠳᠤᠤᠷᠠᠬᠢ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ | ᠬᠡᠷᠡᠭᠲᠡᠶ᠄ | ︵ᠨᠢᠭᠡ︶ ᠰᠣᠷᠣᠭᠴᠢ ᠲᠠᠢ ᠢᠨᠠᠭ ᠤᠨ ᠬᠠᠷᠢᠴᠠᠭ᠎ᠠ᠂ ᠪᠡᠯᠭᠡ ᠶᠢᠨ ᠬᠠᠷᠢᠴᠠᠭ᠎ᠠ ᠡᠭᠦᠰᠦᠭᠰᠡᠨ︔ | ︵ᠬᠤᠶᠠᠷ︶ ᠰᠤᠷᠤᠭᠴᠢ ᠶᠢᠨ ᠪᠡᠶ᠎ᠡ ᠶᠢᠨ ᠣᠨᠴᠠ ᠲᠣᠭᠲᠠᠭᠰᠠᠨ ᠬᠡᠰᠡᠭ ᠢ ᠢᠯᠪᠢᠬᠦ᠂ ᠵᠣᠷᠢᠭᠤᠳᠠ | ᠬᠦᠷᠦᠯᠴᠡᠬᠦ ᠵᠡᠷᠭᠡ ᠱᠠᠯᠢᠭᠯᠠᠭᠰᠠᠨ ᠦᠢᠯᠡ ᠠᠵᠢᠯᠯᠠᠭ᠎ᠠ︔ | ︵ᠭᠤᠷᠪᠠ︶ ᠰᠤᠷᠤᠭᠴᠢ ᠶᠢ ᠱᠣᠭᠯᠠᠬᠤ᠂ ᠥᠳᠥᠭᠡᠬᠦ ᠪᠤᠶᠤ ᠪᠡᠯᠭᠡ ᠶᠢᠨ ᠨᠢᠭᠤᠴᠠ ᠳᠣᠬᠢᠶ᠎ᠠ ᠥᠭᠬᠦ ᠦᠭᠡ | ᠶᠠᠷᠢᠶ᠎ᠠ ᠦᠢᠯᠡ ᠠᠵᠢᠯᠯᠠᠭ᠎ᠠ ᠲᠠᠢ ᠪᠠᠶᠢᠬᠤ︔ | ︵ᠲᠦᠷᠪᠡ︶ ᠱᠠᠯᠢᠭ ᠵᠠᠪᠬᠠᠢ ᠠᠭᠤᠯᠭ᠎ᠠ ᠶᠢ ᠪᠠᠭᠲᠠᠭᠠᠭᠰᠠᠨ ᠮᠡᠳᠡᠭᠡ ᠵᠠᠩᠭᠢ᠂ ᠨᠣᠮ ᠰᠡᠳᠬᠦᠯ᠂ ᠺᠢᠨᠣ᠋᠂ | ᠲᠠᠭᠤ ᠳᠦᠷᠰᠦ ᠰᠢᠩᠭᠡᠭᠡᠯᠲᠡ᠂ ᠵᠢᠷᠤᠭ ᠪᠤᠶᠤ ᠪᠤᠰᠤᠳ ᠱᠠᠯᠢᠭ ᠵᠠᠪᠬᠠᠢ ᠡᠳ᠋ ᠪᠣᠳᠠᠰ ᠢ ᠰᠤᠷᠤᠭᠴᠢ ᠳᠤ ᠳᠡᠯᠭᠡᠨ | ᠦᠵᠡᠭᠦᠯᠵᠦ ᠳᠠᠮᠵᠢᠭᠤᠯᠤᠨ ᠲᠠᠷᠬᠠᠭᠠᠬᠤ︔ | ︵ᠲᠠᠪᠤ︶ ᠱᠠᠯᠢᠭ ᠵᠠᠪᠬᠠᠢ ᠠᠭᠤᠯᠭ᠎ᠠ ᠶᠢ ᠪᠠᠭᠲᠠᠭᠠᠭᠰᠠᠨ ᠦᠵᠡᠵᠦ ᠰᠣᠨᠣᠰᠬᠤ ᠪᠥᠲᠦᠭᠡᠯ᠂ ᠵᠢᠷᠤᠭ | ᠪᠢᠴᠢᠭ ᠤᠨ ᠮᠠᠲ᠋ᠧᠷᠢᠶᠠᠯ ᠢ ᠰᠤᠷᠭᠠᠭᠤᠯᠢ ᠶᠢᠨ ᠬᠦᠷᠢᠶᠡᠨ ᠳᠤ ᠠᠪᠴᠢᠷᠠᠬᠤ︔ | ︵ᠵᠢᠷᠭᠤᠭ᠎ᠠ︶ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠵᠡᠷᠭᠡ ᠬᠠᠤᠯᠢ ᠶᠢ ᠵᠥᠷᠢᠴᠡᠭᠰᠡᠨ | ᠪᠤᠰᠤᠳ ᠶᠠᠯᠠᠲᠤ ᠠᠵᠢᠯᠯᠠᠭ᠎ᠠ᠃ | ᠳᠥᠷᠪᠡᠳᠦᠭᠡᠷ ᠪᠦᠯᠦᠭ ᠬᠠᠮᠢᠶᠠᠷᠤᠯᠲᠠ ᠶᠢᠨ ᠱᠠᠭᠠᠷᠳᠠᠯᠭ᠎ᠠ | ᠬᠤᠷᠢᠨ ᠲᠠᠪᠤᠳᠤᠭᠠᠷ ᠵᠦᠢᠯ ᠰᠤᠷᠭᠠᠭᠤᠯᠢ ᠡᠷᠭᠡᠪᠰᠢ ᠪᠠᠭᠰᠢ ᠠᠵᠢᠯᠲᠠᠨ ᠠᠵᠢᠯᠴᠢᠨ᠂ ᠰᠤᠷᠤᠭᠴᠢ ᠶᠢᠨ | ᠦᠢᠯᠡ ᠠᠵᠢᠯᠯᠠᠭ᠎ᠠ ᠶᠢ ᠳᠦᠷᠢᠮᠵᠢᠭᠦᠯᠬᠦ ᠰᠤᠷᠭᠠᠭᠤᠯᠢ ᠶᠢᠨ ᠳᠦᠷᠢᠮ ᠰᠤᠷᠭᠠᠭᠤᠯᠢ ᠶᠢᠨ ᠰᠠᠬᠢᠯᠭ᠎ᠠ ᠶᠢ ᠲᠣᠭᠲᠠᠭᠠᠬᠤ | ᠬᠡᠷᠡᠭᠲᠡᠶ᠃ ᠰᠤᠷᠭᠠᠭᠤᠯᠢ ᠶᠢᠨ ᠳᠦᠷᠢᠮ ᠰᠤᠷᠭᠠᠭᠤᠯᠢ ᠶᠢᠨ ᠰᠠᠬᠢᠯᠭ᠎ᠠ ᠶᠢᠨ ᠠᠭᠤᠯᠭ᠎ᠠ ᠨᠢ ᠬᠠᠤᠯᠢ ᠳᠤ ᠨᠡᠶᠢᠴᠡᠭᠰᠡᠨ᠂ | ᠵᠦᠢ ᠵᠣᠬᠢᠰᠲᠠᠶ᠂ ᠰᠤᠷᠭᠠᠭᠤᠯᠢ ᠶᠢᠨ ᠳᠦᠷᠢᠮ ᠰᠤᠷᠭᠠᠭᠤᠯᠢ ᠶᠢᠨ ᠰᠠᠬᠢᠯᠭ᠎ᠠ ᠶᠢ ᠲᠣᠭᠲᠠᠭᠠᠭᠰᠠᠨ ᠳᠡᠰ ᠳᠠᠷᠠᠭᠠᠯᠠᠯ ᠨᠢ | ᠪᠦᠷᠢᠨ ᠭᠦᠢᠴᠡᠳ ᠪᠠᠶᠢᠵᠤ᠂ ᠰᠤᠷᠤᠭᠴᠢ ᠵᠢᠴᠢ ᠭᠡᠷ ᠤᠨ ᠠᠬᠠᠮᠠᠳ ᠲᠤ ᠢᠯᠡ ᠪᠣᠯᠭᠠᠬᠤ ᠶᠢᠨ ᠬᠠᠮᠲᠤ ᠱᠠᠭᠠᠷᠳᠠᠯᠭ᠎ᠠ | ᠶᠣᠰᠤ ᠪᠠᠷ ᠰᠤᠷᠭᠠᠭᠤᠯᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠰᠤᠷᠭᠠᠭᠤᠯᠢ ᠡᠷᠭᠡᠪᠰᠢ ᠤᠯᠤᠰ ᠤᠨ ᠬᠢᠴᠢᠶᠡᠯ ᠤᠨ ᠲᠥᠰᠦᠯ ᠢ ᠴᠢᠩᠭ᠎ᠠ | ᠬᠡᠷᠡᠭᠵᠢᠭᠦᠯᠵᠦ᠂ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶᠢᠨ | ᠳᠠᠭᠠᠯᠲᠠ ᠮᠠᠲ᠋ᠧᠷᠢᠶᠠᠯ ᠢ ᠱᠠᠭᠠᠷᠳᠠᠯᠭ᠎ᠠ ᠶᠣᠰᠤ ᠪᠠᠷ ᠰᠣᠩᠭᠤᠨ ᠬᠡᠷᠡᠭᠯᠡᠬᠦ ᠬᠡᠷᠡᠭᠲᠡᠶ᠃ ᠰᠤᠷᠭᠠᠭᠤᠯᠢ ᠠᠴᠠ ᠨᠡᠭᠡᠭᠡᠭᠰᠡᠨ | ᠬᠢᠴᠢᠶᠡᠯ ᠪᠤᠶᠤ ᠣᠷᠣᠭᠤᠯᠤᠨ ᠠᠪᠴᠢᠷᠠᠭᠰᠠᠨ ᠬᠢᠴᠢᠶᠡᠯ ᠢ ᠰᠢᠨᠵᠢᠯᠡᠬᠦ ᠤᠬᠠᠭᠠᠨᠴᠢ ᠪᠠᠷ ᠨᠣᠲᠠᠯᠠᠵᠤ᠂ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠢ᠃ | ᠰᠤᠷᠭᠠᠭᠤᠯᠢ ᠨᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠠᠮᠲᠤᠷᠠᠨ | ᠰᠤᠷᠤᠭᠴᠢ ᠳᠤ ᠲᠥᠯᠦᠪᠦᠷᠢᠲᠡᠢ ᠬᠢᠴᠢᠶᠡᠯ ᠪᠤᠶᠤ ᠬᠢᠴᠢᠶᠡᠯ ᠤᠨ ᠬᠠᠪᠰᠤᠷᠤᠭᠰᠠᠨ ᠵᠢᠯᠣᠭᠤᠳᠣᠯᠭ᠎ᠠ ᠶᠢ ᠬᠠᠩᠭᠠᠵᠤ | ᠪᠣᠯᠬᠤ ᠥᠬᠡᠶ᠃ | ᠬᠤᠷᠢᠨ ᠳᠣᠯᠣᠳᠤᠭᠠᠷ ᠵᠦᠢᠯ ᠰᠤᠷᠭᠠᠭᠤᠯᠢ ᠡᠷᠬᠡᠪᠰᠢ ᠳᠠᠰᠬᠠᠯ ᠤᠨ ᠬᠠᠮᠢᠶᠠᠷᠤᠯᠲᠠ ᠶᠢ ᠴᠢᠩᠭᠠᠳᠬᠠᠵᠤ᠂ | ᠪᠠᠭᠰᠢ ᠨᠠᠷ ᠢ ᠵᠢᠯᠣᠭᠤᠳᠤᠨ ᠬᠢᠨᠠᠯᠲᠠ ᠲᠠᠯᠪᠢᠵᠤ᠂ ᠲᠣᠭᠲᠠᠭᠠᠯ ᠶᠣᠰᠤ ᠪᠠᠷ ᠰᠢᠨᠵᠢᠯᠡᠬᠦ ᠤᠬᠠᠭᠠᠨᠴᠢ ᠪᠠᠷ ᠭᠡᠷ ᠤᠨ | ᠳᠠᠰᠬᠠᠯ ᠢ ᠵᠣᠬᠢᠰᠲᠠᠶ ᠪᠠᠶᠢᠷᠢᠯᠠᠭᠤᠯᠵᠤ᠂ ᠲᠣᠭᠲᠠᠭᠠᠯ ᠠᠴᠠ ᠵᠦᠷᠢᠴᠡᠨ ᠳᠠᠰᠬᠠᠯ ᠤᠨ ᠬᠡᠮᠵᠢᠶ᠎ᠡ ᠶᠢ ᠨᠡᠮᠡᠭᠳᠡᠭᠦᠯᠵᠦ᠂ | ᠰᠤᠷᠤᠭᠴᠢ ᠶᠢᠨ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠵᠦ ᠪᠣᠯᠬᠤ ᠦᠭᠡᠶ᠃ | ᠬᠤᠷᠢᠨ ᠨᠠᠢᠮᠠᠳᠤᠭᠠᠷ ᠵᠦᠢᠯ ᠰᠤᠷᠭᠠᠭᠤᠯᠢ ᠡᠷᠬᠡᠪᠰᠢ ᠲᠣᠭᠲᠠᠭᠠᠯ ᠶᠣᠰᠤ ᠪᠠᠷ ᠨᠣᠮ ᠤᠨ ᠰᠠᠩ᠂ ᠠᠩᠭᠢ ᠶᠢᠨ | ᠨᠣᠮ ᠤᠨ ᠪᠤᠯᠤᠩ ᠢ ᠲᠣᠬᠢᠷᠠᠭᠤᠯᠵᠤ᠂ ᠰᠤᠷᠤᠭᠴᠢ ᠶᠢᠨ ᠲᠠᠨᠢᠨ ᠮᠡᠳᠡᠬᠦᠶ ᠶᠢᠨ ᠣᠨᠴᠠᠯᠢᠭ ᠲᠤ ᠳᠣᠭᠢᠷᠬᠠᠰᠠᠨ᠂ | ᠢᠳᠡᠪᠬᠢᠲᠡᠶ ᠥᠭᠡᠳᠡᠯᠡᠨ ᠳᠠᠪᠰᠢᠭᠰᠠᠨ ᠠᠭᠤᠯᠭ᠎ᠠ ᠪᠥᠬᠦᠢ ᠬᠢᠴᠢᠶᠡᠯ ᠤᠨ ᠭᠠᠳᠠᠭᠤᠷᠬᠢ ᠨᠣᠮ ᠪᠢᠴᠢᠭ ᠢ | ᠲᠣᠬᠢᠷᠠᠭᠤᠯᠵᠤ᠂ ᠰᠠᠶᠢᠨ ᠰᠠᠶᠢᠬᠠᠨ ᠤᠩᠰᠢᠯᠭ᠎ᠠ ᠶᠢᠨ ᠣᠷᠴᠢᠨ ᠢ ᠪᠣᠶ ᠪᠣᠯᠭᠠᠨ᠂ ᠰᠤᠷᠤᠭᠴᠢ ᠶᠢᠨ ᠤᠩᠰᠢᠯᠭ᠎ᠠ ᠶᠢᠨ | ᠳᠠᠳᠬᠠᠯ ᠢ ᠬᠥᠮᠦᠵᠢᠭᠦᠯᠵᠦ᠂ ᠤᠩᠰᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ | ᠰᠤᠷᠭᠠᠭᠤᠯᠢ ᠡᠷᠬᠡᠪᠰᠢ ᠤᠩᠰᠢᠬᠤ ᠪᠢᠴᠢᠭ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠤ | ᠬᠠᠮᠢᠶᠠᠷᠤᠯᠲᠠ ᠪᠠᠨ ᠴᠢᠩᠭᠠᠳᠬᠠᠵᠤ᠂ ᠱᠠᠯᠢᠭ ᠵᠠᠪᠬᠠᠶ᠂ ᠬᠦᠴᠦᠷᠬᠡᠭᠯᠡᠯ᠂ ᠭᠠᠵᠢᠭᠤ ᠨᠣᠮᠯᠠᠯ᠂ ᠮᠤᠬᠤᠷ ᠪᠢᠰᠢᠷᠡᠯ᠂ | ᠵᠣᠭᠤᠰ ᠨᠠᠭᠠᠳᠬᠤ᠂ ᠰᠦᠷᠳᠡᠭᠦᠯᠬᠦ ᠦᠵᠡᠯ᠂ ᠬᠠᠭᠠᠴᠠᠭᠤᠯᠬᠤ ᠦᠵᠡᠯ᠂ ᠬᠡᠲᠦᠷᠡᠮᠡᠬᠡᠶ ᠦᠵᠡᠯ ᠵᠡᠷᠭᠡ ᠨᠠᠰᠤᠨ ᠳᠤ | ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ ᠠᠭᠤᠯᠭ᠎ᠠ ᠪᠥᠬᠦᠢ ᠤᠩᠰᠢᠬᠤ | ᠪᠢᠴᠢᠭ᠂ ᠵᠢᠷᠤᠭ᠂ ᠦᠵᠡᠵᠦ ᠰᠣᠨᠣᠰᠬᠤ ᠪᠦᠲᠦᠭᠡᠯ ᠵᠢᠴᠢ ᠬᠤᠳᠠᠯᠳᠤᠭᠠᠨ ᠤ ᠵᠠᠷ ᠮᠡᠳᠡᠭᠡ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠠᠴᠠ ᠵᠥᠷᠢᠴᠡᠭᠰᠡᠨ ᠰᠣᠶᠣᠯ ᠤᠨ ᠦᠵᠡᠭᠳᠡᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠶᠢ ᠬᠤᠷᠢᠭᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠰᠤᠷᠭᠠᠭᠤᠯᠢ ᠡᠷᠬᠡᠪᠰᠢ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠤᠷ ᠲᠦᠪᠰᠢᠨ᠂ ᠡᠷᠡᠭᠦᠯ ᠬᠠᠮᠠᠭᠠᠯᠠᠯ᠂ | ᠢᠳᠡᠭᠡᠨ ᠤ ᠵᠦᠢᠯ ᠵᠡᠷᠭᠡ ᠶᠢᠨ ᠬᠠᠮᠢᠶᠠᠷᠤᠯᠲᠠ ᠶᠢᠨ ᠳᠦᠷᠢᠮ ᠢ ᠬᠤᠯᠪᠤᠭᠳᠠᠬᠤ ᠲᠣᠭᠲᠠᠭᠠᠯ ᠶᠣᠰᠤ ᠪᠠᠷ | ᠲᠡᠭᠦᠯᠳᠡᠷᠵᠢᠭᠦᠯᠦᠨ᠂ ᠪᠠᠷᠢᠮᠵᠢᠶ᠎ᠠ ᠳᠤ ᠨᠡᠶᠢᠴᠡᠭᠰᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠡᠯᠡᠳᠬᠡᠮᠵᠢ ᠪᠠ | ᠲᠥᠬᠦᠭᠡᠷᠦᠮᠵᠢ ᠵᠡᠷᠭᠡ ᠶᠢ ᠬᠠᠩᠭᠠᠵᠤ᠂ ᠪᠠᠶᠢᠭᠠᠯᠢ ᠶᠢᠨ ᠭᠠᠮᠰᠢᠭ᠂ ᠭᠡᠨᠡᠳᠲᠡ ᠶᠢᠨ ᠬᠡᠷᠡᠭ᠂ ᠣᠨᠴᠠᠭᠠᠢ ᠴᠠᠭ ᠠᠭᠤᠷ | ᠪᠠ ᠰᠠᠨᠠᠭᠠᠨ ᠳᠤ ᠦᠭᠡᠶ ᠭᠡᠮᠲᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ | ᠵᠣᠬᠢᠬᠤ ᠪᠡᠯᠡᠳᠬᠡᠮᠵᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭᠠᠲᠠᠢ ᠪᠠᠷ ᠴᠢᠬᠤᠯᠠ ᠪᠦᠬᠦᠢ ᠰᠣᠷᠢᠯᠲᠠ ᠶᠢ | ᠵᠣᠬᠢᠶᠠᠨ ᠪᠠᠶᠢᠭᠤᠯᠬᠤ ᠬᠡᠷᠡᠭᠲᠡᠶ᠃ | ᠰᠤᠷᠤᠭᠴᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠰᠤᠷᠭᠠᠭᠤᠯᠢ ᠪᠢᠲᠡᠭᠦᠮᠵᠢᠯᠡᠯᠲᠦ ᠬᠠᠮᠢᠶᠠᠷᠤᠯᠲᠠ | ᠬᠢᠵᠦ᠂ ᠬᠤᠯᠪᠤᠭᠳᠠᠬᠤ ᠦᠭᠡᠢ ᠬᠥᠮᠦᠰ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠬᠤᠷᠢᠭᠯᠠᠨ᠎ᠠ᠃ | ᠭᠤᠴᠢᠳᠤᠭᠠᠷ ᠵᠦᠢᠯ ᠰᠤᠷᠭᠠᠭᠤᠯᠢ ᠡᠷᠬᠡᠪᠰᠢ ᠵᠣᠬᠢᠬᠤ ᠠᠷᠭ᠎ᠠ ᠬᠡᠯᠪᠡᠷᠢ ᠪᠠᠷ ᠰᠤᠷᠤᠭᠴᠢ ᠵᠢᠴᠢ ᠭᠡᠷ ᠤᠨ | ᠠᠬᠠᠮᠠᠳ ᠢ ᠰᠤᠷᠭᠠᠨ ᠬᠥᠮᠦᠵᠢᠭᠦᠯᠵᠦ᠂ ᠰᠠᠨᠠᠭᠤᠯᠵᠤ᠂ ᠰᠤᠷᠤᠭᠴᠢ ᠬᠥᠭᠡᠷᠦᠭᠦᠯᠬᠦ ᠡᠮ ᠪᠤᠶᠤ ᠲᠠᠶᠢᠪᠤᠰᠢᠷᠠᠭᠤᠯᠤᠨ | ᠤᠨᠲᠠᠭᠤᠯᠬᠤ ᠡᠮ᠂ ᠡᠪᠡᠳᠬᠦ ᠶᠢ ᠵᠣᠭᠰᠣᠭᠠᠬᠤ ᠡᠮ ᠵᠡᠷᠭᠡ ᠰᠢᠨᠤᠯ ᠲᠠᠢ ᠪᠣᠯᠬᠤ ᠡᠮ ᠢ ᠬᠡᠷᠡᠭᠯᠡᠬᠦ ᠠᠴᠠ ᠵᠠᠶᠢᠯᠠᠰᠬᠢᠬᠤ | ᠬᠡᠷᠡᠭᠲᠡᠶ︔ ᠰᠤᠷᠤᠭᠴᠢ ᠶᠢᠨ ᠬᠡᠷᠡᠭᠯᠡᠵᠦ ᠪᠠᠶᠢᠬᠤ ᠶᠢ ᠣᠯᠵᠤ ᠮᠡᠳᠡᠪᠡᠯ ᠬᠤᠷᠢᠭᠯᠠᠨ ᠵᠣᠭᠰᠣᠭᠠᠵᠤ᠂ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠶᠢᠨ ᠬᠠᠮᠲᠤ | ᠳᠠᠷᠤᠢ ᠳᠤ ᠨᠢ ᠭᠡᠷ ᠤᠨ ᠠᠬᠠᠮᠠᠳ ᠲᠤ ᠨᠢ ᠮᠡᠳᠡᠭᠳᠡᠬᠦ ᠬᠡᠷᠡᠭᠲᠡᠢ᠃ ᠭᠡᠪᠡᠴᠦ ᠰᠤᠷᠤᠭᠴᠢ ᠡᠮᠨᠡᠬᠦ ᠬᠡᠷᠡᠭᠴᠡᠭᠡ ᠪᠤᠶᠤ | ᠠᠵᠢᠯ ᠡᠷᠬᠢᠯᠡᠬᠦ ᠡᠮᠴᠢ ᠶᠢᠨ ᠣᠨᠣᠰᠢᠯᠠᠯᠲᠠ ᠪᠠᠷ ᠬᠡᠷᠡᠭᠯᠡᠬᠦ ᠶᠢ ᠵᠥᠪᠰᠢᠶᠡᠷᠡᠭᠰᠡᠨ ᠪᠠᠶᠢᠪᠠᠯ ᠡᠭᠦᠨ ᠳᠤ ᠪᠠᠭᠲᠠᠬᠤ | ᠤᠢᠭᠡᠢ᠃ | ᠭᠤᠴᠢᠨ ᠨᠢᠭᠡᠳᠦᠭᠡᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠪᠡᠶ᠎ᠡ ᠶᠢ ᠪᠠᠶᠢᠴᠠᠭᠠᠬᠤ ᠳᠦᠷᠢᠮ ᠢ | ᠳᠣᠭᠲᠠᠭᠠᠵᠤ᠂ ᠰᠤᠷᠤᠭᠴᠢ ᠰᠢᠮ᠎ᠡ ᠲᠡᠵᠢᠭᠡᠯ ᠳᠤᠲᠠᠭᠳᠠᠬᠤ᠂ ᠣᠶᠢᠷ᠎ᠠ ᠬᠠᠷᠠᠭ᠎ᠠ ᠲᠠᠢ ᠪᠣᠯᠬᠤ᠂ ᠮᠠᠷᠢᠶᠠᠯᠠᠬᠤ᠂ ᠰᠢᠳᠦ | ᠬᠤᠷᠣᠬᠠᠶᠢᠲᠤᠬᠤ ᠵᠡᠷᠭᠡ ᠬᠡᠯᠪᠡᠷᠢᠯ ᠭᠠᠷᠬᠤ ᠪᠤᠶᠤ ᠪᠡᠶ᠎ᠡ ᠮᠠᠬᠠᠪᠤᠳ ᠢᠶᠠᠨ ᠮᠠᠭᠤᠳᠠᠭᠤᠯᠬᠤ ᠮᠠᠭᠤᠬᠠᠢ ᠦᠢᠯᠡ | ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠢᠬᠤᠯᠠ ᠪᠦᠬᠦᠢ ᠬᠠᠮᠢᠶᠠᠷᠤᠯᠲᠠ᠂ ᠬᠢᠨᠠᠯᠲᠠ ᠬᠢᠬᠦ ᠶᠢᠨ ᠬᠠᠮᠲᠤ | ᠭᠡᠷ ᠤᠨ ᠠᠬᠠᠮᠠᠳ ᠲᠤ ᠨᠢ ᠮᠡᠳᠡᠭᠳᠡᠵᠦ᠂ ᠭᠡᠷ ᠤᠨ ᠠᠬᠠᠮᠠᠳ ᠢ ᠱᠠᠭᠠᠷᠳᠠᠨ ᠵᠢᠯᠣᠭᠤᠳᠴᠤ ᠰᠤᠷᠤᠭᠴᠢ ᠶᠢᠨ ᠮᠠᠭᠤᠬᠠᠢ | ᠦᠢᠯᠡ ᠠᠵᠢᠯᠯᠠᠭ᠎ᠠ ᠶᠢ ᠵᠠᠯᠠᠷᠠᠭᠤᠯᠤᠨ ᠵᠠᠰᠠᠬᠤ ᠬᠡᠷᠡᠭᠲᠡᠶ᠃ | ᠰᠤᠷᠭᠠᠭᠤᠯᠢ ᠡᠷᠬᠡᠪᠰᠢ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠵᠦ᠂ ᠬᠢᠴᠢᠶᠡᠯ ᠤᠨ ᠵᠠᠪᠰᠠᠷᠯᠠᠭ᠎ᠠ | ᠂ ᠬᠢᠴᠢᠶᠡᠯ ᠤᠨ ᠳᠠᠷᠠᠭ᠎ᠠ ᠰᠤᠷᠤᠭᠴᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ᠂ | ᠪᠡᠯᠡᠳᠬᠡᠮᠵᠢ ᠶᠢ ᠬᠡᠷᠡᠭᠯᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠶᠢ ᠪᠠᠲᠤᠯᠠᠬᠤ ᠬᠡᠷᠡᠭᠲᠡᠶ︔ ᠭᠠᠷᠠᠭ ᠤᠨ | ᠰᠡᠭᠦᠯᠴᠢ ᠪᠣᠯᠤᠨ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠲᠣᠭᠲᠠᠭᠠᠯ ᠶᠣᠰᠤ ᠪᠠᠷ | ᠰᠣᠷᠣᠭᠴᠢ ᠪᠣᠯᠤᠨ ᠡᠷᠬᠢᠨ ᠲᠣᠭᠤᠷᠢᠨ ᠤ ᠨᠠᠰᠤᠨ ᠳᠤ ᠥᠯᠥ ᠭᠦᠷᠦᠭᠰᠡᠳ ᠲᠤ ᠲᠥᠯᠦᠪᠦᠷᠢ ᠥᠬᠡᠶ ᠪᠤᠶᠤ | ᠬᠢᠮᠳᠠᠷᠠᠭᠤᠯᠤᠨ ᠨᠡᠭᠡᠭᠡᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ | ᠠᠰᠠᠭᠤᠳᠠᠯ ᠢ ᠡᠷᠲᠡ ᠢᠯᠡᠷᠡᠭᠦᠯᠬᠦ ᠪᠠ ᠳᠠᠷᠤᠢ ᠳᠤ ᠨᠢ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠲᠣᠭᠲᠠᠭᠠᠯ | ᠶᠣᠰᠤ ᠪᠠᠷ ᠲᠤᠰᠬᠠᠶ ᠲᠤᠰᠢᠶᠠᠯ ᠪᠤᠶᠤ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠪᠠᠭᠰᠢ ᠶᠢ ᠲᠣᠬᠢᠷᠠᠭᠤᠯᠵᠤ᠂ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠪᠠᠶᠢᠭᠤᠯᠬᠤ | ᠪᠤᠶᠤ ᠲᠤᠰᠬᠠᠶ ᠮᠡᠷᠭᠡᠵᠢᠯ ᠤᠨ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠣᠯᠠᠨ ᠵᠦᠢᠯ ᠤᠨ | ᠠᠷᠭ᠎ᠠ ᠬᠡᠯᠪᠡᠷᠢ ᠪᠠᠷ ᠰᠤᠷᠤᠭᠴᠢ ᠳᠤ ᠳᠤᠰᠬᠠᠢ ᠮᠡᠷᠭᠡᠵᠢᠯ ᠤᠨ᠂ ᠥᠪᠡᠷᠮᠢᠴᠡ ᠣᠨᠴᠠᠯᠢᠭᠲᠤ ᠵᠢᠯᠣᠭᠤᠳᠣᠯᠭ᠎ᠠ ᠪᠠ | ᠦᠢᠯᠡᠴᠢᠯᠡᠭᠡ ᠬᠠᠩᠭᠠᠬᠤ ᠬᠡᠷᠡᠭᠲᠡᠶ᠃ | ᠨᠥᠬᠦᠴᠡᠯ ᠲᠠᠢ ᠰᠤᠷᠭᠠᠭᠤᠯᠢ ᠪᠠᠭᠰᠢ ᠠᠵᠢᠯᠲᠠᠨ ᠠᠵᠢᠯᠴᠢᠨ ᠢᠶᠠᠨ ᠲᠣᠭᠲᠠᠮᠠᠯ ᠬᠤᠭᠤᠴᠠᠭᠠᠲᠠᠢ ᠵᠣᠬᠢᠶᠠᠨ | ᠪᠠᠶᠢᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠵᠦ᠂ ᠵᠢᠭᠠᠨ ᠵᠢᠯᠣᠭᠤᠳᠴᠤ᠂ ᠪᠠᠭᠰᠢ | ᠠᠵᠢᠯᠲᠠᠨ ᠠᠵᠢᠯᠴᠢᠨ ᠢ ᠬᠠᠪᠰᠤᠷᠤᠨ ᠢᠳᠡᠪᠬᠢᠲᠡᠶ᠂ ᠪᠠᠶᠠᠰᠤᠩᠭᠤᠶ ᠣᠪᠣᠷ ᠢᠶᠠᠷ ᠰᠤᠷᠤᠭᠴᠢ ᠳᠤ ᠬᠠᠨᠳᠤᠭᠤᠯᠬᠤ | ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠭᠠᠷ ᠤᠲᠠᠰᠤ ᠵᠡᠷᠭᠡ ᠤᠶᠤᠨᠲᠤ | ᠦᠵᠦᠭᠦᠷ ᠤᠨ ᠦᠢᠯᠡᠳᠭᠦᠨ ᠢ ᠠᠪᠴᠤ ᠰᠤᠷᠭᠠᠭᠤᠯᠢ ᠳᠤ ᠢᠷᠡᠬᠦ ᠪᠤᠶᠤ ᠰᠤᠷᠭᠠᠭᠤᠯᠢ ᠶᠢᠨ ᠬᠦᠷᠢᠶᠡᠨ ᠳᠤ | ᠬᠡᠷᠡᠭᠯᠡᠬᠦ ᠶᠢ ᠬᠤᠷᠢᠭᠯᠠᠨ᠎ᠠ︔ ᠵᠦᠪᠰᠢᠶᠡᠷᠡᠭᠦᠯᠦᠭᠰᠡᠨ ᠪᠣᠯ ᠨᠢᠭᠡᠳᠦᠯᠲᠡᠶ ᠬᠠᠮᠢᠶᠠᠷᠴᠤ᠂ ᠵᠢᠭᠠᠨ ᠰᠤᠷᠭᠠᠯᠲᠠ ᠶᠢᠨ | ᠬᠡᠷᠡᠭᠴᠡᠭᠡ ᠠᠴᠠ ᠭᠠᠳᠠᠨ᠎ᠠ ᠬᠢᠴᠢᠶᠡᠯ ᠤᠨ ᠲᠠᠩᠬᠢᠮ ᠳᠤ ᠠᠪᠴᠤ ᠣᠷᠣᠬᠤ ᠶᠢ ᠬᠤᠷᠢᠭᠯᠠᠨ᠎ᠠ᠃ | ᠭᠤᠴᠢᠨ ᠳᠥᠷᠪᠡᠳᠦᠭᠡᠷ ᠵᠦᠢᠯ ᠰᠤᠷᠭᠠᠭᠤᠯᠢ ᠡᠷᠬᠡᠪᠰᠢ ᠰᠦᠯᠵᠢᠶ᠎ᠡ ᠶᠢ ᠰᠢᠨᠵᠢᠯᠡᠬᠦ ᠤᠬᠠᠭᠠᠨᠴᠢ᠂ ᠪᠣᠯᠪᠠᠰᠤᠨ | ᠂ ᠠᠮᠤᠷ ᠲᠦᠪᠰᠢᠨ᠂ ᠵᠦᠶ ᠵᠣᠬᠢᠰᠲᠠᠶ ᠬᠡᠷᠡᠭᠯᠡᠬᠦ ᠶᠢ ᠬᠢᠴᠢᠶᠡᠯ ᠤᠨ ᠠᠭᠤᠯᠭ᠎ᠠ ᠳᠤ ᠪᠠᠨ ᠣᠷᠣᠭᠤᠯᠵᠤ᠂ | ᠰᠤᠷᠤᠭᠴᠢ ᠳᠤ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠪᠣᠯᠪᠠᠰᠤᠨ ᠪᠠ ᠰᠦᠯᠵᠢᠶᠡᠨ ᠳᠤ ᠰᠢᠨᠤᠬᠤ ᠶᠢ | ᠰᠡᠷᠭᠡᠶᠢᠯᠡᠬᠦ ᠬᠥᠮᠦᠵᠢᠯ ᠬᠢᠵᠦ᠂ ᠰᠦᠯᠵᠢᠶ᠎ᠡ ᠶᠢ ᠬᠡᠲᠦᠷᠬᠡᠶ ᠬᠡᠷᠡᠭᠯᠡᠬᠦ ᠶᠢ ᠰᠡᠷᠭᠡᠶᠢᠯᠡᠬᠦ ᠬᠡᠷᠡᠭᠲᠡᠶ᠃ | ᠰᠤᠷᠭᠠᠭᠤᠯᠢ ᠠᠴᠠ ᠰᠤᠷᠤᠭᠴᠢ ᠳᠤ ᠬᠠᠩᠭᠠᠭᠰᠠᠨ ᠰᠦᠯᠵᠢᠶᠡᠨ ᠳᠤ ᠭᠠᠷᠬᠤ ᠲᠥᠬᠦᠭᠡᠷᠦᠮᠵᠢ ᠳᠤ ᠨᠠᠰᠤᠨ ᠳᠤ | ᠦᠯᠤ ᠬᠥᠷᠦᠭᠰᠡᠳ ᠤᠨ ᠰᠦᠯᠵᠢᠶᠡᠨ ᠳᠤ ᠭᠠᠷᠬᠤ ᠶᠢ ᠬᠠᠮᠠᠭᠠᠯᠠᠬᠤ ᠵᠥᠭᠡᠯᠡᠨ ᠲᠣᠨᠤᠭ ᠤᠭᠰᠠᠷᠠᠬᠤ ᠪᠤᠶᠤ ᠪᠤᠰᠤᠳ | ᠠᠮᠤᠷ ᠲᠦᠪᠰᠢᠨ ᠢ ᠬᠠᠮᠠᠭᠠᠯᠠᠬᠤ ᠮᠡᠷᠭᠡᠵᠢᠯ ᠤᠨ ᠠᠷᠭ᠎ᠠ ᠠᠪᠴᠤ᠂ ᠰᠤᠷᠤᠭᠴᠢ ᠨᠠᠰᠤᠨ ᠳᠤ ᠦᠯᠤ ᠬᠥᠷᠦᠭᠰᠡᠳ ᠲᠤ | ᠦᠯᠤ ᠲᠤᠬᠢᠷᠠᠬᠤ ᠮᠡᠳᠡᠭᠡ ᠵᠠᠩᠭᠢ ᠲᠠᠢ ᠣᠶᠢᠷᠠᠲᠤᠬᠤ ᠠᠴᠠ ᠵᠠᠶᠢᠯᠠᠰᠬᠢᠬᠤ ᠬᠡᠷᠡᠭᠲᠡᠢ︔ ᠰᠦᠯᠵᠢᠶᠡᠨ ᠤ ᠦᠢᠯᠡᠳᠬᠦᠨ | ᠂ ᠦᠢᠯᠡᠴᠢᠯᠡᠭᠡ᠂ ᠮᠡᠳᠡᠭᠡ ᠵᠠᠩᠭᠢ ᠨᠢ ᠰᠤᠷᠤᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ | ᠬᠥᠨᠥᠭᠡᠯ ᠲᠠᠢ ᠠᠭᠤᠯᠭ᠎ᠠ ᠪᠣᠯᠬᠤ ᠶᠢ ᠣᠯᠵᠤ ᠮᠡᠳᠡᠭᠰᠡᠨ᠂ ᠡᠰᠡᠬᠦᠯ᠎ᠡ ᠰᠤᠷᠤᠭᠴᠢ ᠰᠦᠯᠵᠢᠶ᠎ᠡ ᠶᠢ ᠠᠰᠢᠭᠯᠠᠨ | ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ ᠪᠣᠯ ᠳᠠᠷᠤᠢ ᠳᠤ ᠨᠢ ᠠᠷᠭ᠎ᠠ ᠬᠡᠮᠵᠢᠶ᠎ᠡ ᠠᠪᠬᠤ ᠶᠢᠨ ᠬᠠᠮᠲᠤ | ᠬᠤᠯᠪᠤᠭᠳᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠶᠠᠮᠠᠷᠪᠠ ᠬᠥᠮᠦᠨ ᠰᠤᠷᠭᠠᠭᠤᠯᠢ ᠶᠢᠨ ᠬᠦᠷᠢᠶᠡᠨ ᠳᠤ ᠲᠠᠮᠠᠬᠢ ᠲᠠᠲᠠᠵᠤ᠂ | ᠠᠷᠢᠬᠢ ᠤᠤᠭᠤᠵᠤ ᠪᠣᠯᠬᠤ ᠦᠭᠡᠶ᠃ ᠰᠤᠷᠭᠠᠭᠤᠯᠢ ᠲᠠᠮᠠᠬᠢ ᠲᠠᠲᠠᠬᠤ᠂ ᠠᠷᠢᠬᠢ ᠤᠤᠭᠤᠬᠤ ᠶᠢ ᠬᠤᠷᠢᠭᠯᠠᠬᠤ | ᠢᠯᠡᠷᠬᠡᠶ ᠲᠡᠮᠳᠡᠭ ᠲᠠᠯᠪᠢᠬᠤ ᠶᠢᠨ ᠬᠠᠮᠲᠤ ᠲᠠᠮᠠᠬᠢᠨ ᠤ ᠪᠦᠲᠦᠭᠡᠭᠳᠡᠬᠦᠨ᠂ ᠰᠫᠢᠷᠲ ᠲᠠᠢ ᠤᠮᠳᠠᠭᠠᠨ ᠤ ᠲᠡᠮᠳᠡᠭᠲᠦ ᠪᠠᠷ | ᠰᠤᠷᠭᠠᠭᠤᠯᠢ᠂ ᠵᠢᠭᠠᠨ ᠰᠤᠷᠭᠠᠯᠲᠠ ᠶᠢᠨ ᠠᠰᠠᠷ᠂ ᠪᠡᠯᠡᠳᠬᠡᠮᠵᠢ ᠪᠠ ᠲᠥᠬᠦᠭᠡᠷᠦᠮᠵᠢ ᠶᠢ ᠨᠡᠷᠡᠶᠢᠳᠬᠦ ᠪᠤᠶᠤ ᠡᠯ᠎ᠡ | ᠲᠥᠷᠥᠯ ᠤᠨ ᠵᠢᠭᠠᠨ ᠰᠤᠷᠭᠠᠯᠲᠠ᠂ ᠤᠷᠤᠯᠳᠤᠭᠠᠨ ᠤ ᠠᠵᠢᠯᠯᠠᠭ᠎ᠠ ᠬᠢᠵᠦ ᠪᠣᠯᠬᠤ ᠦᠭᠡᠶ᠃ | ᠭᠤᠴᠢᠨ ᠵᠢᠷᠭᠤᠳᠤᠭᠠᠷ ᠵᠦᠢᠯ ᠰᠤᠷᠭᠠᠭᠤᠯᠢ ᠡᠷᠬᠡᠪᠰᠢ ᠠᠵᠢᠯ ᠳᠤ ᠣᠷᠣᠬᠤ ᠮᠡᠳᠡᠭᠦᠯᠦᠯᠲᠡ ᠪᠠ ᠠᠵᠢᠯ ᠳᠤ | ᠣᠷᠣᠬᠤ ᠶᠢ ᠵᠦᠪᠰᠢᠶᠡᠷᠡᠬᠦ ᠶᠢ ᠪᠠᠶᠢᠴᠠᠭᠠᠨ ᠯᠠᠪᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠳᠤᠤᠷᠠᠬᠢ ᠪᠠᠶᠢᠳᠠᠯ ᠲᠠᠢ | ᠬᠥᠮᠦᠰ ᠢ ᠤᠷᠢᠨ ᠬᠡᠷᠡᠭᠯᠡᠵᠦ ᠪᠣᠯᠬᠤ ᠥᠬᠡᠶ᠄ | ︵ᠨᠢᠭᠡ︶ ᠤᠯᠤᠰ ᠲᠦᠷᠦ ᠶᠢᠨ ᠡᠷᠬᠡ ᠪᠠᠨ ᠬᠠᠰᠤᠭᠤᠯᠤᠭᠰᠠᠨ ᠪᠤᠶᠤ ᠵᠣᠷᠢᠭᠤᠳᠠ ᠶᠠᠯ᠎ᠠ ᠬᠢᠭᠰᠡᠨ ᠠᠴᠠ | ᠪᠤᠯᠵᠤ ᠬᠤᠭᠤᠴᠠᠭᠠᠲᠠᠢ ᠬᠤᠷᠢᠬᠤ ᠠᠴᠠ ᠳᠡᠭᠡᠭᠰᠢ ᠡᠷᠡᠭᠦᠦ ᠶᠢᠨ ᠰᠢᠢᠳᠭᠡᠯ ᠣᠯᠣᠭᠰᠠᠳ︔ | ︵ᠬᠤᠶᠠᠷ︶ ᠶᠠᠩᠬᠠᠯᠠᠬᠤ᠂ ᠶᠠᠩᠬᠠᠨ ᠳᠤ ᠣᠷᠣᠬᠤ᠂ ᠬᠤᠣᠷ ᠳᠠᠲᠠᠬᠤ᠂ ᠵᠣᠭᠤᠰ ᠨᠠᠭᠠᠳᠬᠤ ᠵᠡᠷᠭᠡ | ᠬᠠᠤᠯᠢ ᠶᠢ ᠵᠥᠷᠢᠴᠡᠭᠰᠡᠨ ᠤᠢᠢᠯᠠ ᠠᠵᠢᠯᠯᠠᠭ᠎ᠠ ᠠᠴᠠ ᠪᠤᠯᠵᠦ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠢ | ᠣᠯᠣᠭᠰᠠᠳ︔ | ︵ᠭᠤᠷᠪᠠ︶ ᠬᠠᠯᠠ ᠦᠵᠡᠭᠦᠯᠬᠦ᠂ ᠪᠡᠯᠭᠡ ᠶᠢᠨ ᠬᠠᠯᠳᠠᠯᠭ᠎ᠠ ᠬᠢᠬᠦ᠂ ᠬᠠᠷᠠᠳᠠᠬᠤ ᠪᠤᠶᠤ ᠰᠣᠷᠣᠭᠴᠢ ᠶᠢ | ᠭᠤᠲᠤᠭᠠᠨ ᠳᠣᠷᠣᠮᠵᠢᠯᠠᠭᠰᠠᠨ ᠵᠡᠷᠭᠡ ᠪᠠᠶᠢᠳᠠᠯ ᠠᠴᠠ ᠪᠣᠯᠵᠣ ᠰᠤᠷᠭᠠᠭᠤᠯᠢ ᠠᠴᠠ ᠬᠥᠭᠡᠭᠡᠭᠳᠡᠭᠰᠡᠳ ᠪᠤᠶᠤ ᠤᠷᠢᠬᠤ ᠶᠢ | ᠵᠣᠭᠰᠤᠭᠠᠭᠳᠠᠭᠰᠠᠳ︔ | ︵ᠲᠦᠷᠪᠡ︶ ᠰᠤᠷᠭᠠᠨ ᠬᠥᠮᠦᠵᠢᠯ ᠤᠨ ᠬᠦᠷᠢᠶᠡᠨ ᠳᠠᠬᠢ ᠠᠵᠢᠯ ᠡᠷᠬᠢᠯᠡᠬᠦ ᠶᠢ ᠬᠤᠷᠢᠭᠯᠠᠬᠤ ᠬᠡᠪᠴᠢᠶᠡᠨ ᠳᠤ | ᠣᠷᠣᠭᠤᠯᠤᠭᠰᠠᠨ ᠪᠤᠰᠤᠳ ᠦᠢᠯᠡ ᠠᠵᠢᠯᠯᠠᠭ᠎ᠠ ᠶᠢ ᠬᠢᠭᠰᠡᠳ᠃ | ᠰᠤᠷᠭᠠᠭᠤᠯᠢ ᠠᠴᠠ ᠪᠠᠭᠰᠢ ᠠᠵᠢᠯᠲᠠᠨ ᠠᠵᠢᠯᠴᠢᠨ ᠢ ᠤᠷᠢᠨ ᠬᠡᠷᠡᠭᠯᠡᠬᠦ ᠪᠤᠶᠤ ᠰᠠᠶᠢᠨ ᠳᠤᠷ᠎ᠠ ᠶᠢᠨ | ᠠᠵᠢᠯᠯᠠᠭᠰᠠᠳ᠂ ᠨᠡᠶᠢᠭᠡᠮ ᠤᠨ ᠦᠢᠯᠡᠴᠢᠯᠡᠭᠡᠨ ᠤ ᠮᠡᠷᠭᠡᠵᠢᠯ ᠤᠨ ᠠᠵᠢᠯᠲᠠᠨ ᠵᠡᠷᠭᠡ ᠰᠤᠷᠭᠠᠭᠤᠯᠢ ᠶᠢᠨ ᠭᠠᠳᠠᠨᠠᠬᠢ | ᠬᠥᠮᠦᠰ ᠢ ᠣᠷᠣᠭᠤᠯᠬᠤ ᠳᠤ ᠪᠠᠨ ᠬᠤᠯᠪᠤᠭᠳᠠᠬᠤ ᠬᠥᠮᠦᠰ ᠢ ᠱᠠᠭᠠᠷᠳᠠᠵᠤ ᠠᠮᠠᠯᠠᠯᠲᠠ ᠶᠢᠨ ᠪᠢᠴᠢᠭ ᠲᠤᠰᠢᠶᠠᠯᠭᠠᠬᠤ | ᠬᠡᠷᠡᠭᠲᠡᠶ︔ ᠤᠷᠢᠭᠳᠠᠭᠰᠠᠳ ᠢ ᠲᠣᠭᠲᠠᠭᠠᠯ ᠶᠣᠰᠤ ᠪᠠᠷ ᠲᠣᠭᠲᠠᠮᠠᠯ ᠬᠤᠭᠤᠴᠠᠭᠠᠲᠠᠢ ᠬᠢᠨᠠᠨ ᠪᠠᠶᠢᠴᠠᠭᠠᠵᠤ᠂ ᠡᠮᠦᠨᠡᠬᠢ | ᠵᠤᠷᠪᠤᠰ ᠲᠤ ᠲᠣᠭᠲᠠᠭᠠᠭᠰᠠᠨ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ ᠳᠠᠷᠤᠢ ᠳᠤ ᠨᠢ ᠤᠷᠢᠬᠤ ᠪᠠᠨ | ᠵᠣᠭᠰᠣᠭᠠᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠰᠤᠷᠭᠠᠭᠤᠯᠢ ᠤᠷᠢᠬᠤ ᠭᠡᠵᠦ ᠪᠠᠶᠢᠭ᠎ᠠ ᠬᠥᠮᠦᠨ ᠪᠤᠶᠤ ᠠᠵᠢᠯ ᠳᠤ ᠪᠠᠶᠢᠭ᠎ᠠ | ᠪᠠᠭᠰᠢ ᠠᠵᠢᠯᠲᠠᠨ ᠠᠵᠢᠯᠴᠢᠨ ᠳᠤ ᠳᠤᠤᠷᠠᠬᠢ ᠮᠡᠲᠦ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ | ᠬᠤᠯᠪᠤᠭᠳᠠᠬᠤ ᠬᠥᠮᠦᠰ ᠨᠢ ᠵᠣᠬᠢᠬᠤ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠦᠨᠡᠯᠡᠨ | ᠵᠢᠱᠢᠵᠦ᠂ ᠴᠢᠬᠤᠯᠠ ᠲᠠᠢ ᠦᠶ᠎ᠡ ᠳᠤ ᠲᠤᠰᠬᠠᠶ ᠮᠡᠷᠭᠡᠵᠢᠯ ᠤᠨ ᠬᠢᠷᠢ ᠬᠡᠮ ᠲᠠᠢ ᠭᠤᠷᠪᠠᠳᠠᠬᠢ ᠪᠠᠶᠢᠭᠤᠯᠤᠮᠵᠢ ᠶᠢ | ᠲᠣᠬᠢᠷᠠᠭᠤᠯᠤᠨ ᠦᠨᠡᠯᠡᠨ ᠵᠢᠱᠢᠵᠦ ᠪᠣᠯᠬᠤ ᠶᠢᠨ ᠬᠠᠮᠲᠤ ᠬᠤᠯᠪᠤᠭᠳᠠᠬᠤ ᠰᠢᠢᠳᠪᠦᠷᠢ ᠪᠠᠷ ᠠᠵᠢᠯ ᠤᠨ ᠪᠠᠶᠢᠷᠢ ᠳᠤ | ᠤᠷᠢᠨ ᠬᠡᠷᠡᠭᠯᠡᠬᠦ ᠪᠤᠶᠤ ᠠᠵᠢᠯ ᠤᠨ ᠪᠠᠶᠢᠷᠢ ᠶᠢ ᠲᠣᠬᠢᠷᠠᠭᠤᠯᠬᠤ ᠡᠰᠡᠬᠦ᠂ ᠤᠷᠢᠬᠤ ᠪᠠᠨ ᠪᠤᠯᠢᠬᠤ ᠶᠢᠨ ᠦᠨᠳᠦᠰᠦᠯᠡᠯ | ᠪᠣᠯᠭᠠᠬᠤ ᠬᠡᠷᠡᠭᠲᠡᠶ᠄ | ︵ᠨᠢᠭᠡ︶ ᠮᠡᠳᠡᠷᠡᠯ ᠤᠨ ᠡᠪᠡᠳᠴᠢᠨ ᠤ ᠲᠡᠦᠬᠡ ᠲᠠᠢ︔ | ︵ᠬᠤᠶᠠᠷ︶ ᠠᠷᠢᠬᠢᠨ ᠰᠣᠭᠲᠣᠭᠤ᠂ ᠮᠡᠳᠡᠷᠡᠯ ᠤᠨ ᠲᠦᠷᠦᠯ ᠤᠨ ᠡᠮ ᠤᠨ ᠵᠦᠢᠯ ᠢ ᠳᠤᠷ᠎ᠠ ᠪᠠᠷ ᠢᠶᠠᠨ | ᠬᠡᠷᠡᠭᠯᠡᠭᠰᠡᠨ ᠲᠡᠦᠬᠡ ᠲᠠᠢ︔ | ︵ᠭᠤᠷᠪᠠ︶ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ | ᠬᠥᠨᠥᠭᠡᠯ ᠤᠴᠠᠷᠠᠭᠤᠯᠵᠤ ᠮᠡᠳᠡᠬᠦ ᠪᠤᠶᠤ ᠮᠠᠭᠤ ᠨᠥᠯᠥᠭᠡ ᠭᠠᠷᠭᠠᠵᠤ ᠮᠡᠳᠡᠬᠦ ᠪᠡᠶ᠎ᠡ ᠰᠡᠳᠬᠢᠯ ᠤᠨ ᠪᠤᠰᠤᠳ | ᠡᠪᠡᠳᠴᠢᠨ ᠲᠠᠢ᠃ | ᠭᠤᠴᠢᠨ ᠨᠠᠢᠮᠠᠳᠤᠭᠠᠷ ᠵᠦᠢᠯ ᠰᠤᠷᠭᠠᠭᠤᠯᠢ ᠡᠷᠬᠡᠪᠰᠢ ᠪᠠᠭᠰᠢ ᠠᠵᠢᠯᠲᠠᠨ ᠠᠵᠢᠯᠴᠢᠨ ᠤ ᠬᠠᠮᠢᠶᠠᠷᠤᠯᠲᠠ ᠪᠠᠨ | ᠴᠢᠩᠭᠠᠳᠬᠠᠵᠤ᠂ ᠪᠠᠭᠰᠢ ᠠᠵᠢᠯᠲᠠᠨ ᠠᠵᠢᠯᠴᠢᠨ ᠤ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ | ᠵᠢᠴᠢ ᠪᠠᠭᠰᠢ ᠶᠢᠨ ᠮᠣᠷᠠᠯ ᠤᠨ ᠳᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠬᠢᠬᠦ ᠶᠢ ᠰᠡᠷᠭᠡᠶᠢᠯᠡᠨ ᠬᠤᠷᠢᠭᠯᠠᠬᠤ | ᠬᠡᠷᠡᠭᠲᠡᠶ᠃ ᠰᠤᠷᠭᠠᠭᠤᠯᠢ ᠪᠠ ᠪᠠᠭᠰᠢ ᠠᠵᠢᠯᠲᠠᠨ ᠳᠤᠤᠷᠠᠬᠢ ᠦᠢᠯᠡ ᠠᠵᠢᠯᠯᠠᠭ᠎ᠠ ᠶᠢ ᠬᠢᠵᠦ ᠪᠣᠯᠬᠤ ᠥᠬᠡᠶ᠄ | ︵ᠨᠢᠭᠡ︶ ᠰᠤᠷᠤᠭᠴᠢ ᠶᠢ ᠬᠠᠮᠢᠶᠠᠷᠬᠤ ᠲᠤᠰᠢᠶᠠᠯ ᠤᠨ ᠲᠥᠬᠦᠮ ᠪᠤᠶᠤ ᠰᠣᠷᠣᠭᠴᠢ ᠡᠯᠰᠡᠬᠦ ᠰᠢᠯᠭᠠᠯᠲᠠ᠂ | ᠱᠠᠩᠨᠠᠯ ᠪᠠ ᠰᠢᠯᠢᠳᠡᠭ ᠢ ᠰᠢᠯᠭᠠᠷᠠᠭᠤᠯᠬᠤ᠂ ᠲᠠᠨᠢᠯᠴᠠᠭᠤᠯᠵᠤ ᠦᠨᠡᠯᠡᠬᠦ ᠵᠡᠷᠭᠡ ᠲᠣᠬᠢᠶᠠᠯ ᠢ ᠠᠰᠢᠭᠯᠠᠨ᠂ ᠶᠠᠮᠠᠷᠪᠠ | ᠬᠡᠯᠪᠡᠷᠢ ᠪᠠᠷ ᠰᠣᠷᠣᠭᠴᠢ ᠵᠢᠴᠢ ᠬᠡᠷ ᠤᠨ ᠠᠬᠠᠮᠠᠳ ᠠᠴᠠ ᠡᠳ᠋ ᠪᠣᠳᠠᠰ ᠨᠡᠬᠡᠵᠦ ᠠᠪᠬᠤ᠂ ᠭᠥᠯᠢᠶᠡᠨ ᠠᠪᠬᠤ ᠪᠤᠶᠤ | ᠳᠠᠶᠢᠯᠠᠯᠭ᠎ᠠ ᠬᠦᠯᠢᠶᠡᠬᠦ᠂ ᠪᠤᠰᠤᠳ ᠠᠰᠢᠭ ᠲᠤᠰᠠ ᠤᠯᠬᠤ︔ | ︵ᠬᠤᠶᠠᠷ︶ ᠠᠰᠢᠭ ᠤᠯᠬᠤ ᠵᠣᠷᠢᠯᠭ᠎ᠠ ᠪᠠᠷ ᠰᠤᠷᠤᠭᠴᠢ ᠳᠤ ᠪᠣᠷᠣᠯᠠᠭᠤᠯᠬᠤ ᠪᠤᠶᠤ ᠱᠠᠭᠠᠷᠳᠠᠯᠭ᠎ᠠ ᠭᠠᠷᠭᠠᠵᠤ᠂ | ᠣᠨᠴᠠ ᠲᠣᠭᠲᠠᠭᠰᠠᠨ ᠬᠠᠪᠰᠤᠷᠤᠨ ᠵᠢᠯᠣᠭᠤᠳᠬᠤ ᠪᠢᠴᠢᠭ᠂ ᠪᠣᠯᠪᠠᠰᠤᠷᠠᠯ ᠤᠨ ᠳᠡᠪᠲᠡᠷ ᠵᠡᠷᠭᠡ ᠵᠢᠭᠠᠨ | ᠰᠤᠷᠭᠠᠯᠲᠠ ᠶᠢᠨ ᠳᠠᠭᠠᠯᠲᠠ ᠮᠠᠲ᠋ᠧᠷᠢᠶᠠᠯ ᠪᠤᠶᠤ ᠪᠤᠰᠤᠳ ᠲᠠᠸᠠᠷ᠂ ᠦᠢᠯᠡᠴᠢᠯᠡᠭᠡ ᠶᠢ ᠬᠤᠳᠠᠯᠳᠤᠨ ᠠᠪᠬᠤ ᠶᠢ | ᠰᠤᠷᠤᠭᠴᠢ ᠳᠤ ᠲᠤᠯᠭᠠᠬᠤ︔ | ︵ᠭᠤᠷᠪᠠ︶ ᠰᠤᠷᠤᠭᠴᠢ ᠶᠢ ᠵᠣᠬᠢᠶᠠᠨ ᠪᠠᠶᠢᠭᠤᠯᠵᠤ᠂ ᠱᠠᠭᠠᠷᠳᠠᠵᠤ ᠰᠤᠷᠭᠠᠭᠤᠯᠢ ᠶᠢᠨ ᠭᠠᠳᠠᠨ᠎ᠠ | ᠲᠥᠯᠥᠪᠦᠷᠢᠲᠡᠢ ᠬᠢᠴᠢᠶᠡᠯ ᠨᠥᠬᠦᠭᠦᠯᠬᠦ ᠪᠤᠶᠤ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠥᠮᠦᠨ ᠲᠠᠢ | ᠬᠠᠮᠲᠤᠷᠠᠨ ᠰᠤᠷᠤᠭᠴᠢ ᠳᠤ ᠪᠤᠰᠤᠳ ᠲᠥᠯᠥᠪᠦᠷᠢᠲᠡᠢ ᠦᠢᠯᠡᠴᠢᠯᠡᠭᠡ ᠬᠠᠩᠭᠠᠬᠤ︔ | ︵ᠳᠥᠷᠪᠡ︶ ᠰᠤᠷᠤᠭᠴᠢ ᠵᠢᠴᠢ ᠬᠡᠷ ᠤᠨ ᠠᠬᠠᠮᠠᠳ ᠢ ᠥᠳᠦᠭᠡᠨ ᠲᠠᠲᠠᠬᠤ᠂ ᠵᠣᠬᠢᠶᠠᠨ ᠪᠠᠶᠢᠭᠤᠯᠬᠤ ᠪᠤᠶᠤ | ᠱᠠᠭᠠᠷᠳᠠᠵᠤ ᠣᠨᠴᠠ ᠲᠣᠭᠲᠠᠭᠰᠠᠨ ᠡᠵᠡᠩᠨᠡᠯᠲᠡ ᠶᠢᠨ ᠴᠢᠨᠠᠷᠲᠠᠶ ᠰᠦᠯᠵᠢᠶᠡᠨ ᠳᠤ ᠭᠠᠷᠭᠠᠵᠤ᠂ ᠸᠢᠳᠢᠤ᠋ ᠪᠠᠷ ᠰᠢᠭᠤᠳ | ᠨᠡᠪᠲᠡᠷᠡᠭᠦᠯᠬᠦ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠤᠭᠤᠯᠬᠤ᠂ ᠰᠦᠯᠵᠢᠶ᠎ᠡ ᠪᠠᠷ ᠪᠢᠯᠧᠲ ᠥᠭᠬᠦ᠂ ᠪᠢᠯᠧᠲ | ᠰᠢᠷᠪᠢᠬᠦ ᠵᠡᠷᠭᠡ ᠠᠵᠢᠯᠯᠠᠭ᠎ᠠ ᠳᠤ ᠣᠷᠣᠯᠴᠠᠭᠤᠯᠬᠤ︔ | ︵ᠲᠠᠪᠤ︶ ᠰᠤᠷᠤᠭᠴᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠠᠩᠭᠠᠬᠤ᠂ ᠵᠠᠳᠠᠷᠠᠭᠤᠯᠬᠤ ᠪᠤᠶᠤ | ᠡᠵᠡᠮᠰᠢᠵᠦ ᠪᠠᠶᠢᠭ᠎ᠠ ᠰᠤᠷᠤᠭᠴᠢ ᠶᠢᠨ ᠮᠡᠳᠡᠭᠡ ᠵᠠᠩᠭᠢ ᠶᠢ ᠠᠰᠢᠭᠯᠠᠨ ᠠᠰᠢᠭ ᠤᠯᠬᠤ︔ | ︵ᠵᠢᠷᠭᠤᠭ᠎ᠠ︶ ᠰᠤᠷᠤᠭᠴᠢ ᠶᠢ ᠬᠠᠮᠢᠶᠠᠷᠬᠤ ᠡᠷᠬᠡ ᠲᠤᠰᠢᠶᠠᠯ ᠢᠶᠠᠨ ᠠᠰᠢᠭᠯᠠᠨ ᠵᠦᠶ ᠶᠣᠰᠣᠨ ᠤ ᠪᠤᠰᠤ | ᠠᠰᠢᠭ ᠣᠯᠬᠤ ᠪᠤᠰᠤᠳ ᠦᠢᠯᠡ ᠠᠵᠢᠯᠯᠠᠭ᠎ᠠ᠃ | ᠭᠤᠴᠢ ᠶᠢᠰᠦᠳᠦᠭᠡᠷ ᠵᠦᠢᠯ ᠰᠤᠷᠭᠠᠭᠤᠯᠢ ᠠᠴᠠ ︽ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠰᠤᠷᠭᠠᠭᠤᠯᠢ ᠶᠢᠨ ᠲᠡᠷᠭᠡ ᠬᠡᠷᠡᠭᠯᠡᠬᠦ ᠶᠢ ᠲᠣᠬᠢᠷᠠᠭᠤᠯᠵᠤ᠂ | ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠬᠠᠤᠯᠢ ᠶᠣᠰᠤ ᠪᠠᠷ ᠪᠠᠶᠢᠭᠤᠯᠤᠨ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠲᠡᠷᠭᠡᠨ ᠳᠤ ᠰᠠᠭᠤᠬᠤ ᠠᠮᠤᠷ ᠲᠦᠪᠰᠢᠨ ᠤ ᠮᠡᠳᠡᠯᠭᠡ ᠶᠢ ᠰᠤᠷᠤᠭᠴᠢ ᠳᠤ | ᠲᠠᠶᠢᠯᠪᠤᠷᠢᠯᠠᠨ ᠥᠭᠴᠦ᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠬᠥᠮᠦᠵᠢᠭᠦᠯᠬᠦ ᠬᠡᠷᠡᠭᠲᠡᠶ᠃ | ᠳᠥᠴᠢᠳᠦᠭᠡᠷ ᠵᠦᠢᠯ ᠰᠤᠷᠭᠠᠭᠤᠯᠢ ᠡᠷᠬᠡᠪᠰᠢ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ | ᠣᠷᠴᠢᠨ ᠲᠣᠭᠤᠷᠢᠨ ᠢ ᠲᠣᠭᠲᠠᠮᠠᠯ ᠬᠤᠭᠤᠴᠠᠭᠠᠲᠠᠢ ᠲᠣᠭᠤᠷᠢᠨ ᠪᠠᠶᠢᠴᠠᠭᠠᠵᠤ᠂ ᠰᠤᠷᠭᠠᠭᠤᠯᠢ ᠶᠢᠨ ᠡᠷᠭᠢᠨ | ᠲᠣᠭᠤᠷᠢᠨ ᠳᠤ ᠬᠠᠤᠯᠢ ᠪᠠᠷ ᠴᠠᠭᠠᠵᠠᠯᠠᠵᠤ ᠪᠦᠬᠦᠢ ᠡᠵᠡᠩᠨᠡᠯᠲᠡ ᠶᠢᠨ ᠲᠠᠯᠠᠪᠤᠷ᠂ ᠪᠣᠷᠣᠯᠠᠭᠤᠯᠤᠨ ᠬᠤᠳᠠᠯᠳᠤᠬᠤ | ᠲᠤᠤᠷ ᠴᠡᠭ ᠪᠠᠶᠢᠬᠤ ᠶᠢ ᠣᠯᠵᠤ ᠮᠡᠳᠡᠪᠡᠯ᠂ ᠳᠠᠷᠤᠢ ᠳᠤ ᠨᠢ ᠠᠷᠭᠠᠴᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ | ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠰᠤᠷᠭᠠᠭᠤᠯᠢ ᠵᠢᠴᠢ ᠪᠠᠭᠰᠢ ᠠᠵᠢᠯᠳᠠᠨ ᠠᠵᠢᠯᠴᠢᠨ ᠠᠴᠠ ᠰᠤᠷᠤᠭᠴᠢ ᠳᠤ ᠡᠵᠡᠩᠨᠡᠯᠲᠡ ᠶᠢᠨ ᠴᠢᠨᠠᠷᠲᠠᠢ ᠵᠤᠭ᠎ᠠ | ᠴᠡᠩᠭᠡᠯ ᠤᠨ ᠪᠠᠶᠢᠷᠢ ᠲᠠᠯᠠᠪᠤᠷ᠂ ᠢᠨᠲ᠋ᠧᠷ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠷᠢ | ᠲᠠᠯᠠᠪᠤᠷ᠂ ᠡᠯᠧᠺᠳ᠋ᠷᠣᠨ ᠲᠣᠭᠯᠠᠭᠠᠮ ᠤᠨ ᠪᠠᠶᠢᠷᠢ ᠲᠠᠯᠠᠪᠤᠷ᠂ ᠠᠷᠢᠬᠢᠨ ᠮᠤᠬᠤᠯᠠᠭ ᠵᠡᠷᠭᠡ ᠨᠠᠰᠤᠨ ᠳᠤ ᠦᠯᠤ | ᠬᠥᠷᠦᠭᠰᠡᠳ ᠤᠨ ᠠᠵᠢᠯᠯᠠᠭ᠎ᠠ ᠳᠤ ᠲᠣᠬᠢᠷᠠᠬᠤ ᠦᠭᠡᠢ ᠲᠠᠯᠠᠪᠤᠷ ᠭᠠᠵᠠᠷ ᠢ ᠲᠤᠬᠢᠷᠠᠭᠤᠯᠵᠤ ᠥᠭᠬᠦ ᠪᠤᠶᠤ ᠥᠳᠥᠭᠡᠨ | ᠳᠠᠭᠠᠭᠤᠯᠵᠤ᠂ ᠵᠣᠬᠢᠶᠠᠨ ᠪᠠᠶᠢᠭᠤᠯᠵᠤ ᠪᠣᠯᠬᠤ ᠦᠭᠡᠢ︔ ᠰᠤᠷᠤᠭᠴᠢ ᠳᠡᠭᠡᠷ᠎ᠡ ᠳᠤᠷᠠᠳᠤᠭᠰᠠᠨ ᠪᠠᠶᠢᠷᠢ ᠲᠠᠯᠠᠪᠤᠷ ᠲᠤ | ᠣᠷᠣᠬᠤ ᠶᠢ ᠣᠯᠵᠤ ᠮᠡᠳᠡᠪᠡᠯ᠂ ᠳᠠᠷᠤᠢ ᠳᠤ ᠨᠢ ᠬᠤᠷᠢᠭᠯᠠᠨ ᠵᠣᠭᠰᠣᠭᠠᠵᠤ᠂ ᠰᠤᠷᠭᠠᠨ ᠬᠥᠮᠦᠵᠢᠭᠦᠯᠬᠦ ᠶᠢᠨ ᠬᠠᠮᠲᠤ | ᠳᠡᠭᠡᠷ᠎ᠡ ᠳᠤᠷᠠᠳᠤᠭᠰᠠᠨ ᠪᠠᠶᠢᠷᠢ ᠲᠠᠯᠠᠪᠤᠷ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠬᠠᠬᠤ ᠬᠡᠷᠡᠭᠲᠡᠶ᠃ | ᠲᠠᠪᠤᠳᠤᠭᠠᠷ ᠪᠦᠯᠦᠭ ᠬᠠᠮᠠᠭᠠᠯᠠᠬᠤ ᠲᠣᠭᠲᠠᠴᠠ | ᠳᠥᠴᠢᠨ ᠨᠢᠭᠡᠳᠦᠭᠡᠷ ᠵᠦᠢᠯ ᠰᠤᠷᠭᠠᠭᠤᠯᠢ ᠶᠢᠨ ᠵᠠᠬᠢᠷᠤᠯ ᠪᠣᠯ ᠰᠤᠷᠤᠭᠴᠢ ᠶᠢ ᠰᠤᠷᠭᠠᠭᠤᠯᠢ ᠠᠴᠠ | ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠲᠠᠨ ᠮᠥᠨ᠃ ᠰᠤᠷᠭᠠᠭᠤᠯᠢ ᠡᠷᠬᠡᠪᠰᠢ ᠨᠢᠭᠡ ᠤᠳᠤᠷᠢᠳᠤᠯᠭ᠎ᠠ ᠪᠠᠷ | ᠰᠤᠷᠤᠭᠴᠢ ᠶᠢ ᠬᠠᠮᠠᠭᠠᠯᠠᠬᠤ ᠠᠵᠢᠯ ᠢ ᠰᠢᠭᠤᠳ ᠬᠠᠷᠢᠭᠤᠴᠠᠭᠤᠯᠬᠤ ᠶᠢᠨ ᠬᠠᠮᠲᠤ ᠪᠣᠳᠠᠲᠠᠶ ᠠᠵᠢᠯᠯᠠᠬᠤ | ᠪᠠᠶᠢᠭᠤᠯᠤᠮᠵᠢ ᠶᠢ ᠲᠣᠳᠣᠷᠬᠠᠶᠢᠯᠠᠬᠤ ᠬᠡᠷᠡᠭᠲᠡᠶ᠃ ᠨᠥᠬᠦᠴᠡᠯ ᠲᠠᠢ ᠪᠣᠯ ᠰᠤᠷᠤᠭᠴᠢ ᠶᠢ ᠬᠠᠮᠠᠭᠠᠯᠠᠬᠤ ᠲᠤᠰᠬᠠᠶ | ᠲᠤᠰᠢᠶᠠᠯᠲᠠᠨ ᠢ ᠳᠣᠭᠲᠠᠭᠠᠵᠤ᠂ ᠰᠤᠷᠤᠭᠴᠢ ᠶᠢ ᠬᠠᠮᠠᠭᠠᠯᠠᠬᠤ ᠠᠵᠢᠯ ᠢ ᠬᠠᠷᠢᠭᠤᠴᠠᠭᠤᠯᠤᠨ᠎ᠠ᠃ ᠰᠤᠷᠭᠠᠭᠤᠯᠢ | ᠰᠤᠷᠤᠭᠴᠢ ᠶᠢ ᠬᠠᠮᠠᠭᠠᠯᠠᠬᠤ ᠠᠵᠢᠯ ᠢ ᠬᠢᠵᠦ ᠪᠠᠶᠢᠭ᠎ᠠ ᠬᠥᠮᠦᠰ ᠲᠤ ᠬᠤᠯᠪᠤᠭᠳᠠᠬᠤ ᠬᠠᠤᠯᠢ ᠴᠠᠭᠠᠵᠠ᠂ ᠣᠨᠣᠯ | ᠪᠣᠯᠤᠨ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠬᠦ ᠨᠥᠬᠦᠴᠡᠯ ᠪᠣᠯᠤᠨ ᠳᠡᠮᠵᠢᠯᠭᠡ ᠶᠢ ᠬᠠᠩᠭᠠᠵᠤ᠂ ᠪᠠᠭᠰᠢ | ᠠᠵᠢᠯᠲᠠᠨ ᠠᠵᠢᠯᠴᠢᠳ ᠲᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠤᠰᠬᠠᠶ ᠪᠣᠯᠪᠠᠰᠤᠷᠠᠭᠤᠯᠤᠯ ᠢ ᠬᠢᠬᠦ | ᠬᠡᠷᠡᠭᠲᠡᠶ᠃ | ᠨᠥᠬᠦᠴᠡᠯ ᠲᠠᠢ ᠰᠤᠷᠭᠠᠭᠤᠯᠢ ᠳᠣᠷᠤᠮᠵᠢᠯᠠᠯ ᠢ ᠰᠡᠷᠭᠡᠶᠢᠯᠡᠨ ᠵᠠᠰᠠᠬᠤ᠂ ᠰᠠᠬᠢᠯᠭ᠎ᠠ ᠪᠠᠲᠤ ᠶᠢᠨ ᠰᠢᠢᠳᠭᠡᠯ ᠥᠭᠬᠦ | ᠵᠡᠷᠭᠡ ᠵᠣᠬᠢᠶᠠᠨ ᠪᠠᠶᠢᠭᠤᠯᠤᠯᠲᠠ᠂ ᠠᠵᠢᠯ ᠤᠨ ᠲᠣᠭᠲᠠᠴᠠ ᠶᠢ ᠨᠡᠶᠢᠯᠡᠭᠦᠯᠵᠦ᠂ ᠰᠤᠷᠤᠭᠴᠢ ᠶᠢ ᠬᠠᠮᠠᠭᠠᠯᠠᠬᠤ ᠺᠣᠮᠢᠰ ᠢ | ᠪᠠᠶᠢᠭᠤᠯᠤᠨ᠂ ᠰᠤᠷᠤᠭᠴᠢ ᠶᠢᠨ ᠡᠷᠬᠡ ᠠᠰᠢᠭ ᠢ ᠬᠠᠮᠠᠭᠠᠯᠠᠬᠤ ᠵᠢᠴᠢ ᠬᠤᠯᠪᠤᠭᠳᠠᠬᠤ ᠲᠦᠷᠢᠮ ᠤᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠬᠠᠷᠢᠭᠤᠴᠠᠵᠤ ᠪᠣᠯᠤᠨ᠎ᠠ᠃ | ᠳᠥᠴᠢᠨ ᠬᠤᠶᠠᠳᠤᠭᠠᠷ ᠵᠦᠢᠯ ᠰᠤᠷᠭᠠᠭᠤᠯᠢ ᠵᠠᠪᠠᠯ ᠠᠮᠢ ᠨᠠᠰᠤ ᠪᠠᠨ ᠬᠠᠶᠢᠷᠠᠯᠠᠬᠤ ᠪᠠᠷ ᠭᠤᠤᠯ ᠪᠣᠯᠭᠠᠭᠰᠠᠨ | ᠰᠤᠷᠭᠠᠨ ᠬᠥᠮᠦᠵᠢᠯ ᠤᠨ ᠣᠨᠣᠯᠵᠢᠬᠤᠨ ᠢ ᠪᠣᠶ ᠪᠣᠯᠭᠠᠵᠤ᠂ ᠠᠮᠤᠷ ᠲᠦᠪᠰᠢᠨ ᠤ ᠬᠥᠮᠦᠵᠢᠯ᠂ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠮᠦᠵᠢᠯ᠂ ᠡᠷᠡᠭᠦᠯ ᠮᠡᠨᠳᠦ ᠶᠢᠨ | ᠬᠥᠮᠦᠵᠢᠯ᠂ ᠬᠤᠤᠷ ᠴᠠᠭᠠᠵᠠᠯᠠᠬᠤ ᠪᠠ ᠠᠶᠢᠽ ᠡᠪᠡᠳᠴᠢᠨ ᠢ ᠰᠡᠷᠭᠡᠶᠢᠯᠡᠬᠦ ᠬᠥᠮᠦᠵᠢᠯ ᠵᠡᠷᠭᠡ ᠲᠤᠰᠬᠠᠶ ᠰᠡᠳᠦᠪᠲᠦ | ᠬᠥᠮᠦᠵᠢᠯ ᠢ ᠠᠰᠢᠭᠯᠠᠨ᠂ ᠰᠤᠷᠤᠭᠴᠢ ᠶᠢ ᠠᠮᠢ ᠨᠠᠰᠤ ᠪᠠᠨ ᠬᠠᠶᠢᠷᠠᠯᠠᠬᠤ᠂ ᠠᠮᠢ ᠨᠠᠰᠤ ᠪᠠᠨ ᠬᠦᠨᠳᠦᠳᠬᠡᠬᠦ ᠳᠤ | ᠬᠥᠲᠥᠯᠥᠨ ᠵᠢᠯᠣᠭᠤᠳᠬᠤ ᠬᠡᠷᠡᠭᠲᠡᠶ︔ ᠤᠷᠢ ᠨᠠᠰᠤᠨ ᠤ ᠬᠥᠮᠦᠵᠢᠯ᠂ ᠪᠡᠯᠭᠡ ᠶᠢᠨ ᠬᠥᠮᠦᠵᠢᠯ ᠢ ᠬᠠᠨᠳᠤᠯᠭᠠᠲᠠᠢ | ᠥᠷᠨᠢᠭᠦᠯᠵᠦ᠂ ᠰᠤᠷᠤᠭᠴᠢ ᠳᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠭᠤᠯᠤᠨ᠂ | ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠶᠢ ᠰᠡᠷᠭᠡᠶᠢᠯᠡᠵᠦ ᠪᠡᠶ᠎ᠡ ᠪᠠᠨ ᠬᠠᠮᠠᠭᠠᠯᠠᠬᠤ ᠦᠵᠡᠯ ᠤᠬᠠᠮᠰᠠᠷ ᠪᠠ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠰᠤᠷᠭᠠᠭᠤᠯᠢ ᠡᠷᠬᠡᠪᠰᠢ ᠬᠤᠯᠪᠤᠭᠳᠠᠬᠤ ᠬᠢᠴᠢᠶᠡᠯ ᠤᠨ ᠱᠠᠭᠠᠷᠳᠠᠯᠭ᠎ᠠ ᠲᠠᠢ | ᠤᠶᠠᠯᠳᠤᠭᠤᠯᠤᠨ᠂ ᠰᠤᠷᠤᠭᠴᠢ ᠶᠢᠨ ᠪᠡᠶ᠎ᠡ ᠰᠡᠳᠬᠢᠯ ᠤᠨ ᠣᠨᠴᠠᠯᠢᠭ ᠪᠠ ᠦᠰᠦᠨ ᠪᠤᠶᠢᠵᠢᠯᠲᠠ ᠶᠢᠨ ᠬᠡᠷᠡᠭᠴᠡᠭᠡ ᠶᠢ | ᠦᠨᠳᠦᠰᠦᠯᠡᠨ ᠦᠨᠳᠦᠰᠦᠨ ᠬᠠᠤᠯᠢ ᠶᠢᠨ ᠬᠥᠮᠦᠵᠢᠯ ᠢᠶᠠᠷ ᠭᠤᠤᠯ ᠪᠣᠯᠭᠠᠭᠰᠠᠨ᠂ ᠡᠷᠬᠡ ᠪᠠ ᠠᠯᠪᠠᠨ ᠵᠢᠷᠤᠮ ᠤᠨ | ᠰᠤᠷᠭᠠᠨ ᠬᠥᠮᠦᠵᠢᠯ ᠢᠶᠠᠷ ᠭᠤᠤᠯᠳᠠᠯᠭ᠎ᠠ ᠪᠣᠯᠭᠠᠭᠰᠠᠨ ᠬᠠᠤᠯᠢ ᠪᠠᠷ ᠵᠠᠰᠠᠬᠤ ᠬᠥᠮᠦᠵᠢᠯ ᠢ ᠥᠷᠨᠢᠭᠦᠯᠵᠦ᠂ | ᠰᠤᠷᠤᠭᠴᠢ ᠶᠢ ᠬᠥᠮᠦᠵᠢᠭᠦᠯᠦᠨ ᠵᠥᠪ ᠣᠨᠣᠪᠴᠢᠲᠠᠶ ᠡᠷᠬᠡ ᠠᠰᠢᠭ ᠤᠨ ᠦᠵᠡᠯᠲᠡ ᠶᠢ ᠪᠣᠶ ᠪᠣᠯᠭᠠᠬᠤ ᠶᠢᠨ ᠬᠠᠮᠲᠤ | ᠶᠠᠯ᠎ᠠ ᠬᠢᠬᠦ ᠶᠢ ᠰᠡᠷᠭᠡᠶᠢᠯᠡᠬᠦ ᠬᠠᠨᠳᠤᠯᠭᠠᠲᠤ ᠬᠥᠮᠦᠵᠢᠯ ᠢ ᠥᠷᠨᠢᠭᠦᠯᠬᠦ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠰᠤᠷᠭᠠᠭᠤᠯᠢ ᠪᠣᠳᠠᠲᠤ ᠪᠠᠶᠢᠳᠠᠯ ᠢᠶᠠᠨ ᠦᠨᠳᠦᠰᠦᠯᠡᠨ | ᠰᠤᠷᠭᠠᠭᠤᠯᠢ ᠶᠢᠨ ᠢᠶᠠᠨ ᠬᠤᠯᠪᠤᠭᠳᠠᠬᠤ ᠬᠠᠷᠢᠭᠤᠴᠠᠯᠭᠠᠲᠠᠨ᠂ ᠪᠠᠭᠰᠢ᠂ ᠬᠠᠤᠯᠢ ᠪᠠᠷ ᠵᠠᠰᠠᠬᠤ ᠳᠡᠳ᠋ ᠵᠠᠬᠢᠷᠤᠯ ︵ | ᠬᠠᠪᠰᠤᠷᠤᠨ ᠵᠢᠯᠣᠭᠤᠳᠣᠭᠴᠢ︶᠂ ᠬᠠᠤᠯᠢ ᠴᠠᠭᠠᠵᠠ ᠪᠣᠯᠤᠨ ᠰᠡᠳᠬᠢᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ | ᠣᠷᠣᠯᠴᠠᠭᠤᠯᠤᠭᠰᠠᠨ ᠲᠤᠰᠬᠠᠶ ᠮᠡᠷᠭᠡᠵᠢᠯ ᠢ ᠬᠠᠪᠰᠤᠷᠤᠨ ᠵᠢᠯᠣᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ᠂ | ᠰᠤᠷᠤᠭᠴᠢ ᠶᠢ ᠬᠠᠪᠰᠤᠷᠤᠨ ᠳᠡᠳᠬᠦᠵᠦ ᠮᠠᠭᠤ ᠮᠠᠭᠤᠬᠠᠢ ᠦᠢᠯᠡ ᠠᠵᠢᠯᠯᠠᠭ᠎ᠠ ᠶᠢ ᠵᠠᠯᠠᠷᠠᠭᠤᠯᠤᠨ ᠵᠠᠰᠠᠨ᠎ᠠ᠃ ᠮᠠᠭᠤ | ᠦᠢᠯᠡ ᠠᠵᠢᠯᠯᠠᠭ᠎ᠠ ᠲᠠᠢ ᠰᠤᠷᠤᠭᠴᠢ ᠶᠢ ᠬᠠᠪᠰᠤᠷᠤᠨ ᠳᠡᠳᠬᠦᠵᠦ ᠵᠠᠰᠠᠵᠤ ᠠᠪᠤᠨ᠎ᠠ︔ ᠬᠦᠨᠳᠦ ᠨᠣᠴᠢᠲᠠᠶ ᠮᠠᠭᠤ | ᠮᠠᠭᠤᠬᠠᠢ ᠦᠢᠯᠡ ᠠᠵᠢᠯᠯᠠᠭ᠎ᠠ ᠬᠢᠭᠰᠡᠨ ᠰᠣᠷᠣᠭᠴᠢ ᠶᠢ ᠰᠤᠷᠭᠠᠭᠤᠯᠢ ᠠᠴᠠ ᠬᠤᠯᠪᠤᠭᠳᠠᠬᠤ ᠰᠠᠯᠠᠭ᠎ᠠ ᠮᠥᠴᠢᠷ ᠲᠠᠢ | ᠬᠠᠮᠵᠢᠯᠴᠠᠨ ᠵᠠᠬᠢᠷᠤᠨ ᠰᠤᠷᠭᠠᠬᠤ ᠬᠡᠷᠡᠭᠲᠡᠶ᠃ ᠵᠠᠬᠢᠷᠤᠨ ᠰᠤᠷᠭᠠᠬᠤ ᠴᠢᠳᠠᠯ ᠥᠬᠡᠶ ᠪᠤᠶᠤ ᠵᠠᠬᠢᠷᠤᠨ ᠰᠤᠷᠭᠠᠭᠠᠳ | ᠲᠤᠰᠠ ᠭᠠᠷᠬᠤ ᠥᠬᠡᠶ ᠪᠣᠯ ᠬᠠᠤᠯᠢ ᠶᠣᠰᠤ ᠪᠠᠷ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠬᠠᠤᠯᠢ ᠶᠣᠰᠤ ᠪᠠᠷ ᠭᠤᠶᠤᠴᠢᠯᠠᠯ ᠭᠠᠷᠭᠠᠵᠤ᠂ ᠲᠤᠰᠬᠠᠶ ᠰᠤᠷᠭᠠᠭᠤᠯᠢ ᠳᠤ ᠬᠦᠷᠭᠡᠨ ᠲᠤᠰᠬᠠᠶ ᠰᠤᠷᠭᠠᠨ | ᠬᠥᠮᠦᠵᠢᠯ ᠭᠦᠷᠲᠡᠭᠡᠨ᠎ᠡ᠃ | ᠳᠥᠴᠢᠨ ᠲᠠᠪᠤᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠡᠷᠬᠡ ᠠᠰᠢᠭ ᠲᠤ ᠬᠤᠯᠪᠣᠭᠳᠠᠬᠤ | ᠲᠣᠭᠲᠠᠭᠠᠯ ᠢ ᠳᠣᠭᠲᠠᠭᠠᠬᠤ ᠠᠴᠠ ᠡᠮᠦᠨ᠎ᠡ ᠰᠤᠷᠤᠭᠴᠢ ᠪᠣᠯᠤᠨ ᠭᠡᠷ ᠤᠨ ᠠᠬᠠᠮᠠᠳ ᠲᠤ ᠮᠡᠳᠡᠭᠳᠡᠵᠦ᠂ ᠰᠠᠨᠠᠯ ᠢ | ᠰᠣᠨᠣᠰᠬᠤ ᠶᠢᠨ ᠬᠠᠮᠲᠤ ᠪᠠᠶᠢᠳᠠᠯ ᠢ ᠦᠵᠡᠵᠦ ᠬᠦᠯᠢᠶᠡᠨ ᠠᠪᠬᠤ ᠶᠢ ᠬᠥᠲᠦᠯᠬᠦ ᠬᠡᠷᠡᠭᠲᠡᠶ᠃ | ᠰᠤᠷᠭᠠᠭᠤᠯᠢ ᠡᠷᠬᠡᠪᠰᠢ ᠰᠤᠷᠤᠭᠴᠢ ᠶᠢᠨ ᠵᠥᠪᠯᠡᠯ᠂ ᠪᠠᠭᠠᠴᠤᠳ ᠤᠨ ᠲᠥᠯᠥᠭᠡᠯᠡᠭᠴᠢᠳ ᠤᠨ ᠬᠤᠷᠠᠯ᠂ ᠡᠪ | ᠬᠠᠮᠲᠤ ᠵᠠᠯᠠᠭᠤᠴᠤᠳ ᠤᠨ ᠡᠪᠯᠡᠯ ᠵᠡᠷᠭᠡ ᠰᠤᠷᠤᠭᠴᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠵᠤ᠂ ᠰᠤᠷᠤᠭᠴᠢ ᠶᠢᠨ ᠡᠷᠬᠡ ᠠᠰᠢᠭ ᠤᠨ ᠬᠠᠮᠠᠭᠠᠯᠠᠯᠲᠠ ᠳᠤ ᠣᠷᠣᠯᠴᠠᠬᠤ ᠶᠢ ᠵᠢᠯᠣᠭᠤᠳᠤᠨ ᠳᠡᠮᠵᠢᠬᠦ | ᠬᠡᠷᠡᠭᠲᠡᠢ᠂ ᠦᠢᠯᠡ ᠪᠠᠶᠢᠳᠠᠯ ᠨᠢ ᠬᠥᠩᠭᠡᠪᠲᠦᠷ ᠰᠤᠷᠤᠭᠴᠢ ᠶᠢᠨ ᠵᠢᠭᠤᠷᠠᠯᠳᠤᠭᠠᠨ ᠪᠤᠶᠤ ᠰᠤᠷᠤᠭᠴᠢ ᠶᠢᠨ ᠡᠷᠬᠡ | ᠠᠰᠢᠭ ᠲᠤ ᠬᠠᠯᠳᠠᠭᠰᠠᠨ ᠪᠤᠰᠤᠳ ᠪᠠᠶᠢᠳᠠᠯ ᠳᠤ ᠴᠢᠭᠯᠡᠭᠦᠯᠦᠨ ᠰᠤᠷᠤᠭᠴᠢ ᠶᠢᠨ ᠲᠥᠯᠥᠭᠡᠯᠡᠭᠴᠢ ᠶᠢ ᠡᠶᠡᠳᠡᠭᠦᠯᠭᠡ ᠳᠤ | ᠣᠷᠣᠯᠴᠠᠭᠤᠯᠬᠤ ᠪᠠᠷ ᠲᠤᠬᠢᠷᠠᠭᠤᠯᠵᠤ ᠪᠣᠯᠤᠨ᠎ᠠ᠃ | ᠳᠥᠴᠢᠨ ᠵᠢᠷᠭᠤᠳᠤᠭᠠᠷ ᠵᠦᠢᠯ ᠰᠤᠷᠭᠠᠭᠤᠯᠢ ᠡᠷᠬᠡᠪᠰᠢ ᠬᠡᠷ ᠤᠨ ᠠᠬᠠᠮᠠᠳ ᠯᠤᠭ᠎ᠠ ᠪᠦᠲᠦᠮᠵᠢᠲᠡᠶ | ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠬᠡᠷ ᠪᠦᠯᠢ ᠶᠢᠨ ᠰᠤᠷᠪᠤᠯᠵᠢᠯᠠᠭ᠎ᠠ᠂ ᠬᠡᠷ ᠤᠨ ᠠᠬᠠᠮᠠᠳ ᠤᠨ | ᠬᠢᠴᠢᠶᠡᠯ ᠤᠨ ᠲᠠᠩᠬᠢᠮ᠂ ᠬᠡᠷ ᠤᠨ ᠠᠬᠠᠮᠠᠳ ᠤᠨ ᠬᠤᠷᠠᠯ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠰᠣᠷᠣᠭᠴᠢ ᠶᠢᠨ ᠬᠡᠷ ᠤᠨ ᠠᠬᠠᠮᠠᠳ ᠲᠠᠢ ᠡᠳᠦᠷ ᠲᠤᠲᠤᠮ ᠤᠨ ᠨᠡᠪᠲᠡᠷᠡᠯᠴᠡᠭᠡ ᠬᠢᠬᠦ ᠬᠡᠷᠡᠭᠲᠡᠶ᠃ ᠰᠤᠷᠭᠠᠭᠤᠯᠢ | ᠡᠷᠬᠡᠪᠰᠢ ᠰᠤᠷᠤᠭᠴᠢ ᠶᠢᠨ ᠪᠡᠶ᠎ᠡ ᠮᠠᠬᠠᠪᠣᠳ᠂ ᠰᠡᠳᠬᠢᠴᠡ ᠶᠢᠨ ᠬᠦᠨᠳᠦ ᠡᠪᠡᠳᠴᠢᠨ ᠡᠮᠭᠡᠭ ᠢᠶᠠᠨ ᠮᠡᠳᠡᠭᠦᠯᠬᠦ | ᠲᠦᠷᠢᠮ ᠢ ᠪᠠᠶᠢᠭᠤᠯᠵᠤ᠂ ᠰᠤᠷᠤᠭᠴᠢ ᠶᠢᠨ ᠪᠡᠶ᠎ᠡ ᠮᠠᠬᠠᠪᠣᠳ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ | ᠬᠡᠷ ᠤᠨ ᠠᠬᠠᠮᠠᠳ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠶ︔ ᠰᠤᠷᠭᠠᠭᠤᠯᠢ ᠠᠴᠠ ᠰᠤᠷᠤᠭᠴᠢ ᠶᠢᠨ ᠪᠡᠶ᠎ᠡ | ᠮᠠᠬᠠᠪᠣᠳ ᠤᠨ ᠪᠠᠶᠢᠳᠠᠯ ᠪᠤᠶᠤ ᠤᠷᠮ᠎ᠠ ᠰᠡᠳᠬᠢᠯᠭᠡ ᠶᠢᠨ ᠲᠤᠰᠬᠠᠯ ᠢᠯᠡᠷᠬᠡᠶ ᠬᠡᠪ ᠤᠨ ᠪᠤᠰᠤ ᠪᠠᠶᠢᠬᠤ᠂ ᠭᠡᠨᠡᠳᠲᠡ | ᠡᠪᠡᠳᠴᠢᠨ ᠡᠮᠭᠡᠭ ᠣᠯᠤᠭᠰᠠᠨ ᠪᠤᠶᠤ ᠭᠡᠮᠲᠦᠭᠰᠡᠨ ᠢ ᠣᠯᠵᠤ ᠮᠡᠳᠡᠪᠡᠯ᠂ ᠰᠤᠷᠤᠭᠴᠢ ᠶᠢᠨ ᠭᠡᠷ ᠤᠨ ᠠᠬᠠᠮᠠᠳ ᠲᠤ | ᠳᠠᠷᠤᠢ ᠳᠤ ᠨᠢ ᠮᠡᠳᠡᠭᠳᠡᠬᠦ ᠬᠡᠷᠡᠭᠲᠡᠶ᠃ | ᠳᠥᠴᠢᠨ ᠳᠣᠯᠣᠳᠤᠭᠠᠷ ᠵᠦᠢᠯ ᠰᠤᠷᠭᠠᠭᠤᠯᠢ ᠪᠠ ᠪᠠᠭᠰᠢ ᠠᠵᠢᠯᠲᠠᠨ ᠠᠵᠢᠯᠴᠢᠨ᠂ ᠰᠤᠷᠤᠭᠴᠢ ᠭᠡᠷ | ᠪᠦᠯᠢ ᠶᠢᠨ ᠬᠦᠴᠦᠷᠬᠡᠭᠯᠡᠯ᠂ ᠬᠠᠯᠠ ᠠᠮᠰᠠᠬᠤ᠂ ᠭᠤᠯᠤᠭᠳᠠᠵᠤ ᠣᠷᠬᠢᠭᠳᠠᠬᠤ᠂ ᠤᠷᠲᠤ ᠬᠤᠭᠤᠴᠠᠭ᠎ᠠ ᠪᠠᠷ | ᠬᠠᠷᠠᠭᠠᠯᠵᠠᠬᠤ ᠬᠥᠮᠦᠨ ᠦᠭᠡᠶ᠂ ᠠᠯᠠᠭ᠎ᠠ ᠪᠣᠯᠬᠤ ᠵᠡᠷᠭᠡ ᠬᠠᠤᠯᠢ ᠪᠤᠰᠤ ᠬᠠᠯᠳᠠᠯᠭ᠎ᠠ ᠳᠤ ᠤᠴᠠᠷᠠᠭᠰᠠᠨ ᠪᠤᠶᠤ | ᠤᠴᠠᠷᠠᠭᠰᠠᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠤ ᠪᠠᠷ ᠳᠣᠲᠣᠭᠠᠳᠤ ᠶᠢ ᠬᠠᠮᠠᠭᠠᠯᠠᠬᠤ᠂ | ᠠᠷᠠᠳ ᠤᠨ ᠶᠠᠪᠤᠳᠠᠯ᠂ ᠰᠤᠷᠭᠠᠨ ᠬᠥᠮᠦᠵᠢᠯ ᠵᠡᠷᠭᠡ ᠬᠤᠯᠪᠤᠭᠳᠠᠬᠤ ᠰᠠᠯᠠᠭ᠎ᠠ ᠮᠥᠴᠢᠷ ᠲᠤ ᠳᠠᠷᠤᠢ ᠳᠤ ᠨᠢ ᠮᠡᠳᠡᠭᠦᠯᠬᠦ | ᠬᠡᠷᠡᠭᠲᠡᠶ᠃ ᠰᠤᠷᠭᠠᠭᠤᠯᠢ ᠬᠤᠯᠪᠤᠭᠳᠠᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠰᠤᠷᠤᠭᠴᠢ ᠶᠢᠨ | ᠡᠷᠬᠡ ᠠᠰᠢᠭ ᠲᠤ ᠬᠠᠯᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠳᠥᠴᠢᠨ ᠨᠠᠢᠮᠠᠳᠤᠭᠠᠷ ᠵᠦᠢᠯ ᠪᠠᠭᠰᠢ ᠠᠵᠢᠯᠲᠠᠨ ᠠᠵᠢᠯᠴᠢᠨ ᠠᠴᠠ ᠰᠤᠷᠤᠭᠴᠢ ᠶᠢᠨ ᠡᠷᠬᠡ ᠠᠰᠢᠭ | ᠬᠠᠯᠳᠠᠯᠭ᠎ᠠ ᠳᠤ ᠤᠴᠠᠷᠠᠭᠠᠳ ᠲᠤᠬᠠᠶᠢᠯᠠᠭᠰᠠᠨ ᠠᠵᠢᠯ ᠤᠨ ᠬᠦᠷᠢᠶᠡᠨ ᠳᠤ ᠪᠠᠭᠲᠠᠬᠤ ᠶᠢ ᠣᠯᠵᠤ ᠮᠡᠳᠡᠪᠡᠯ | ᠳᠠᠷᠤᠢ ᠳᠤ ᠨᠢ ᠰᠢᠢᠳᠪᠦᠷᠢᠯᠡᠬᠦ ᠬᠡᠷᠡᠭᠲᠡᠶ︔ ᠲᠤᠬᠠᠶᠢᠯᠠᠭᠰᠠᠨ ᠠᠵᠢᠯ ᠤᠨ ᠬᠦᠷᠢᠶᠡᠨ ᠳᠤ ᠬᠠᠷᠢᠶᠠᠯᠠᠭᠳᠠᠬᠤ ᠦᠭᠡᠶ | ᠪᠤᠶᠤ ᠰᠢᠢᠳᠪᠦᠷᠢᠯᠡᠵᠦ ᠳᠡᠶᠢᠯᠬᠦ ᠦᠭᠡᠶ ᠪᠣᠯ ᠳᠠᠷᠤᠢ ᠳᠤ ᠨᠢ ᠠᠩᠭᠢ ᠶᠢᠨ ᠡᠷᠬᠢᠯᠡᠭᠴᠢ ᠪᠤᠶᠤ ᠰᠤᠷᠭᠠᠭᠤᠯᠢ ᠶᠢᠨ | ᠬᠠᠷᠢᠭᠤᠴᠠᠯᠭᠠᠲᠠᠨ ᠳᠤ ᠮᠡᠳᠡᠭᠦᠯᠬᠦ ᠬᠡᠷᠡᠭᠲᠡᠶ︔ ᠴᠢᠬᠤᠯᠠ ᠲᠠᠢ ᠦᠶ᠎ᠡ ᠳᠤ ᠭᠤᠣᠯᠯᠠᠨ ᠬᠠᠮᠢᠶᠠᠷᠴᠤ ᠪᠦᠬᠦᠢ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠰᠢᠭᠤᠳ ᠮᠡᠳᠡᠭᠦᠯᠵᠦ ᠪᠣᠯᠤᠨ᠎ᠠ᠃ | ᠳᠥᠴᠢ ᠶᠢᠰᠦᠳᠦᠭᠡᠷ ᠵᠦᠢᠯ ᠰᠤᠷᠤᠭᠴᠢ ᠭᠤᠯᠤᠭᠳᠠᠵᠤ ᠣᠷᠬᠢᠭᠳᠠᠭᠰᠠᠨ᠂ ᠬᠠᠯᠠ ᠠᠮᠰᠠᠭᠰᠠᠨ ᠠᠴᠠ ᠪᠣᠯᠵᠤ | ᠰᠤᠷᠭᠠᠭᠤᠯᠢ ᠠᠴᠠ ᠬᠠᠮᠠᠭᠠᠯᠠᠬᠤ ᠶᠢ ᠭᠤᠶᠤᠴᠢᠯᠠᠪᠠᠯ᠂ ᠰᠤᠷᠭᠠᠭᠤᠯᠢ ᠲᠡᠪᠴᠢᠬᠦ ᠪᠤᠶᠤ ᠲᠦᠯᠬᠢᠵᠦ ᠪᠣᠯᠬᠤ ᠦᠭᠡᠶ᠂ | ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠ ᠲᠠᠢ ᠪᠣᠯ ᠤᠷᠢᠳ ᠢᠶᠠᠷ ᠠᠪᠤᠷᠠᠨ ᠲᠤᠰᠠᠯᠠᠬᠤ ᠬᠡᠷᠡᠭᠲᠡᠶ᠃ | ᠰᠤᠷᠭᠠᠭᠤᠯᠢ ᠡᠷᠬᠡᠪᠰᠢ ᠰᠤᠷᠤᠭᠴᠢ ᠶᠢ ᠬᠠᠯᠠᠮᠵᠢᠯᠠᠨ ᠬᠠᠶᠢᠷᠠᠯᠠᠵᠤ᠂ ᠪᠡᠶ᠎ᠡ ᠮᠠᠬᠠᠪᠣᠳ ᠪᠤᠶᠤ ᠰᠡᠳᠬᠢᠴᠡ ᠶᠢᠨ | ᠲᠠᠯ᠎ᠠ ᠪᠠᠷ ᠭᠡᠮᠲᠦᠭᠰᠡᠨ ᠰᠤᠷᠤᠭᠴᠢ ᠳᠤ ᠵᠣᠬᠢᠰᠲᠠᠢ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠮᠵᠢ᠂ | ᠬᠠᠪᠰᠤᠷᠤᠨ ᠲᠡᠳᠬᠦᠬᠦ ᠬᠥᠮᠦᠵᠢᠯ ᠬᠠᠩᠭᠠᠬᠤ ᠬᠡᠷᠡᠭᠲᠡᠢ᠃ ᠳᠣᠷᠤᠮᠵᠢᠯᠠᠯ ᠠᠴᠠ ᠪᠣᠯᠤᠭᠰᠠᠨ ᠪᠡᠶ᠎ᠡ ᠮᠠᠬᠠᠪᠣᠳ ᠪᠤᠶᠤ | ᠰᠡᠳᠬᠢᠴᠡ ᠶᠢᠨ ᠭᠡᠮᠲᠦᠯ ᠣᠯᠵᠤ᠂ ᠤᠤᠯ ᠤᠨ ᠠᠩᠭᠢ ᠳᠤ ᠪᠠᠨ ᠰᠤᠷᠤᠯᠴᠠᠵᠤ ᠳᠡᠶᠢᠯᠬᠦ ᠥᠬᠡᠶ ᠪᠣᠯᠤᠭᠰᠠᠨ | ᠰᠣᠷᠣᠭᠴᠢ᠂ ᠰᠣᠷᠣᠭᠴᠢ ᠶᠢᠨ ᠬᠡᠷ ᠤᠨ ᠠᠬᠠᠮᠠᠳ ᠠᠴᠠ ᠠᠩᠭᠢ ᠲᠣᠬᠢᠷᠠᠭᠤᠯᠬᠤ ᠭᠤᠶᠤᠴᠢᠯᠠᠯ ᠭᠠᠷᠭᠠᠪᠠᠯ᠂ | ᠰᠤᠷᠭᠠᠭᠤᠯᠢ ᠦᠨᠡᠯᠡᠨ ᠵᠢᠱᠢᠬᠦ ᠪᠠᠷ ᠳᠡᠮᠵᠢᠨ ᠴᠢᠬᠤᠯᠠ ᠲᠠᠢ ᠭᠡᠵᠦ ᠦᠵᠡᠪᠡᠯ ᠳᠡᠮᠵᠢᠬᠦ ᠬᠡᠷᠡᠭᠲᠡᠶ᠃ | ᠵᠢᠷᠭᠤᠳᠤᠭᠠᠷ ᠪᠦᠯᠦᠭ ᠳᠡᠮᠵᠢᠬᠦ ᠪᠠ ᠬᠢᠨᠠᠯᠲᠠ ᠲᠠᠯᠪᠢᠬᠤ | ᠲᠠᠪᠢᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠠᠷᠠᠳ ᠤᠨ | ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ | ᠠᠷᠠᠳ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠨᠠᠰᠤᠨ ᠳᠤ | ᠦᠯᠤ ᠬᠥᠷᠦᠭᠰᠡᠳ ᠢ ᠬᠠᠮᠠᠭᠠᠯᠠᠬᠤ ᠠᠵᠢᠯ ᠢ ᠬᠢᠵᠦ ᠪᠠᠶᠢᠭ᠎ᠠ ᠬᠤᠯᠪᠤᠭᠳᠠᠬᠤ ᠤᠯᠠᠨ ᠲᠦᠮᠡᠨᠴᠢ ᠪᠦᠯᠬᠦᠮ ᠤᠨ | ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠵᠢᠯᠴᠠᠬᠤ ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ | ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠶ᠃ | ᠲᠠᠪᠢᠨ ᠨᠢᠭᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠪᠠᠭᠰᠢ ᠠᠵᠢᠯᠲᠠᠨ ᠠᠵᠢᠯᠴᠢᠨ ᠤ ᠠᠵᠢᠯ ᠢ ᠬᠢᠵᠦ ᠪᠣᠯᠬᠤ ᠦᠭᠡᠢ | ᠬᠥᠮᠦᠰ ᠤᠨ ᠨᠡᠷᠡᠰ ᠪᠠ ᠪᠠᠶᠢᠴᠠᠭᠠᠨ ᠯᠠᠪᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠳᠤ ᠣᠷᠣᠬᠤ ᠶᠢ | ᠵᠥᠪᠰᠢᠶᠡᠷᠡᠬᠦ ᠪᠠ ᠲᠣᠭᠲᠠᠮᠠᠯ ᠬᠤᠭᠤᠴᠠᠭᠠᠲᠠᠢ ᠪᠠᠷ ᠪᠠᠶᠢᠴᠠᠭᠠᠨ ᠯᠠᠪᠯᠠᠬᠤ ᠳᠦᠷᠢᠮ ᠢ ᠲᠡᠭᠦᠯᠳᠡᠷᠵᠢᠭᠦᠯᠬᠦ ᠶᠢ | ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠠᠨ᠋ᠥ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠬᠢᠬᠤ ᠬᠢᠷᠢ ᠬᠡᠮᠲᠡᠢ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠵᠢᠴᠢ ᠪᠤᠰᠤᠳ ᠨᠡᠶᠢᠭᠡᠮ ᠤᠨ | ᠬᠦᠴᠦᠨ ᠢ ᠵᠣᠬᠢᠶᠠᠨ ᠪᠠᠶᠢᠭᠤᠯᠤᠨ᠂ ᠰᠤᠷᠭᠠᠭᠤᠯᠢ ᠳᠤ ᠬᠠᠤᠯᠢ ᠴᠠᠭᠠᠵᠠ ᠶᠢᠨ ᠵᠦᠪᠯᠡᠯᠭᠡ ᠥᠭᠬᠦ᠂ ᠰᠡᠳᠬᠢᠴᠡ ᠶᠢ | ᠬᠠᠪᠰᠤᠷᠤᠨ ᠵᠢᠯᠣᠭᠤᠳᠬᠤ᠂ ᠦᠢᠯᠡ ᠠᠵᠢᠯᠯᠠᠭ᠎ᠠ ᠶᠢ ᠵᠠᠯᠠᠷᠠᠭᠤᠯᠬᠤ ᠵᠡᠷᠭᠡ ᠲᠤᠰᠬᠠᠶ ᠦᠢᠯᠡᠴᠢᠯᠡᠭᠡ ᠶᠢ ᠬᠠᠩᠭᠠᠵᠤ᠂ | ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠳᠤ | ᠳᠡᠮᠵᠢᠯᠭᠡ ᠬᠠᠩᠭᠠᠨ᠎ᠠ᠃ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠠᠴᠠ ᠬᠤᠯᠪᠤᠭᠳᠠᠬᠤ | ᠰᠠᠯᠠᠭ᠎ᠠ ᠮᠥᠴᠢᠷ᠂ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠬᠤᠪᠢ ᠬᠥᠮᠦᠨ ᠲᠠᠢ ᠬᠠᠮᠲᠤᠷᠠᠨ | ᠰᠣᠷᠣᠭᠴᠢ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠦᠢᠯᠡᠴᠢᠯᠡᠭᠡ ᠬᠢᠭᠡᠳ ᠳᠡᠮᠵᠢᠯᠭᠡ ᠦᠵᠡᠭᠦᠯᠬᠦ ᠶᠠᠪᠤᠴᠠ ᠳᠤ | ᠬᠤᠯᠪᠤᠭᠳᠠᠬᠤ ᠬᠥᠮᠦᠰ ᠲᠠᠢ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ ᠲᠣᠭᠲᠠᠵᠤ᠂ ᠰᠣᠷᠣᠭᠴᠢ ᠬᠤᠪᠢ ᠬᠥᠮᠦᠨ | ᠵᠢᠴᠢ ᠬᠡᠷ ᠪᠦᠯᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ | ᠲᠠᠪᠢᠨ ᠭᠤᠷᠪᠠᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰᠬᠠᠶ | ᠪᠠᠶᠢᠭᠤᠯᠤᠮᠵᠢ ᠪᠤᠶᠤ ᠠᠵᠢᠯᠲᠠᠨ ᠢ ᠲᠣᠭᠲᠠᠭᠠᠵᠤ᠂ ᠰᠤᠷᠤᠭᠴᠢ ᠶᠢ ᠬᠠᠮᠠᠭᠠᠯᠠᠬᠤ ᠳᠤ ᠬᠢᠨᠠᠯᠲᠠ ᠲᠠᠯᠪᠢᠬᠤ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠶ᠃ ᠨᠥᠬᠦᠴᠡᠯ ᠲᠠᠢ ᠪᠣᠯ ᠰᠤᠷᠤᠭᠴᠢ ᠶᠢ ᠬᠠᠮᠠᠭᠠᠯᠠᠬᠤ ᠲᠤᠰᠬᠠᠶ | ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠬᠢᠨᠠᠨ ᠪᠠᠶᠢᠴᠠᠭᠠᠭᠴᠢ ᠲᠣᠮᠢᠯᠠᠵᠤ᠂ ᠰᠤᠷᠤᠭᠴᠢ ᠶᠢ ᠬᠠᠮᠠᠭᠠᠯᠠᠬᠤ | ᠠᠵᠢᠯ ᠢ ᠬᠠᠷᠢᠭᠤᠴᠠᠭᠤᠯᠵᠤ᠂ ᠰᠤᠷᠤᠭᠴᠢ ᠶᠢᠨ ᠳᠣᠷᠤᠮᠵᠢᠯᠠᠯ᠂ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ | ᠵᠢᠴᠢ ᠰᠤᠷᠤᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ ᠪᠤᠰᠤᠳ ᠬᠡᠷᠡᠭ ᠢ ᠰᠢᠢᠳᠪᠦᠷᠢᠯᠡᠬᠦ ᠪᠤᠶᠤ ᠵᠢᠯᠣᠭᠤᠳᠤᠨ | ᠰᠢᠢᠳᠪᠦᠷᠢᠯᠡᠵᠦ᠂ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠠᠮᠤᠷ ᠲᠦᠪᠰᠢᠨ ᠤ | ᠣᠷᠣᠨ ᠪᠦᠰᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠬᠤᠯᠪᠣᠭᠳᠠᠭᠰᠠᠨ ᠵᠢᠭᠤᠷᠠᠯᠳᠤᠭᠠᠨ ᠢ | ᠬᠠᠤᠯᠢ ᠶᠣᠰᠤ ᠪᠠᠷ ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠰᠤᠷᠤᠭᠴᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠵᠤ ᠪᠠᠶᠢᠭ᠎ᠠ ᠠᠵᠢᠯᠲᠠᠳ | ᠲᠤᠬᠠᠶᠢᠯᠠᠭᠰᠠᠨ ᠠᠵᠢᠯ ᠤᠨ ᠲᠤᠰᠬᠠᠶ ᠪᠣᠯᠪᠠᠰᠤᠷᠠᠭᠤᠯᠤᠯ ᠢ ᠭᠥᠷᠳᠡᠵᠦ᠂ ᠰᠤᠷᠤᠭᠴᠢ ᠶᠢ ᠬᠠᠮᠠᠭᠠᠯᠠᠬᠤ ᠴᠢᠬᠤᠯᠠ | ᠪᠥᠬᠦᠶ ᠮᠡᠳᠡᠯᠭᠡ ᠪᠠ ᠴᠢᠳᠠᠪᠤᠷᠢ ᠲᠠᠢ ᠪᠠᠶᠢᠬᠤ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠰᠢᠤᠳᠠᠨ ᠤ ᠬᠠᠶᠢᠷᠴᠠᠭ ᠪᠤᠶᠤ ᠪᠤᠰᠤᠳ ᠠᠷᠭ᠎ᠠ ᠵᠠᠮ ᠢ | ᠪᠠᠶᠢᠭᠤᠯᠬᠤ ᠪᠠᠷ ᠳᠠᠮᠵᠢᠨ᠂ ᠰᠤᠷᠭᠠᠭᠤᠯᠢ ᠪᠤᠶᠤ ᠪᠠᠭᠰᠢ ᠠᠵᠢᠯᠲᠠᠨ ᠠᠵᠢᠯᠴᠢᠨ ᠤ ᠲᠤᠰ ᠲᠣᠭᠲᠠᠭᠠᠯ ᠪᠤᠶᠤ | ᠪᠤᠰᠤᠳ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠵᠦ᠂ ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ | ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠰᠢᠢᠳᠪᠦᠷᠢᠯᠡᠬᠦ | ᠶᠠᠪᠤᠴᠠ ᠳᠤ ᠬᠤᠯᠪᠤᠭᠳᠠᠬᠤ ᠬᠥᠮᠦᠰ ᠤᠨ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠨ ᠶᠠᠯ᠎ᠠ ᠬᠢᠭᠰᠡᠨ | ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠷᠤᠢ ᠳᠤ ᠨᠢ ᠬᠡᠷᠡᠭ | ᠮᠡᠳᠡᠭᠦᠯᠬᠦ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ | ᠲᠡᠪᠢᠠ ᠲᠠᠪᠤᠳᠤᠭᠠᠷ ᠵᠦᠢᠯ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠠᠰᠤᠨ ᠳᠤ ᠤᠢᠯᠦ ᠬᠦᠷᠦᠭᠰᠡᠦᠠ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢ ᠠᠬᠢᠭᠤᠯᠵᠤ᠂ ᠰᠤᠷᠤᠭᠴᠢ ᠶᠢᠨ ᠡᠷᠬᠡ ᠠᠰᠢᠭ ᠲᠤ | ᠬᠤᠯᠪᠣᠭᠳᠠᠭᠰᠠᠨ ᠵᠡᠭᠠᠯᠳᠦᠵᠦ ᠢᠯᠡᠴᠢᠯᠡᠨ ᠮᠡᠳᠡᠭᠦᠯᠦᠭᠰᠡᠨ ᠬᠡᠷᠡᠭ ᠢ ᠬᠠᠮᠵᠢᠨ ᠬᠦᠯᠢᠶᠡᠠ ᠠᠪᠴᠤ ᠰᠢᠢᠳᠪᠦᠷᠢᠯᠡᠨ᠂ | ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ ᠬᠡᠷᠡᠭ ᠢ ᠪᠠᠶᠢᠴᠠᠭᠠᠬᠤ ᠪᠠ ᠰᠢᠢᠳᠪᠦᠷᠢᠯᠡᠬᠦ ᠠᠵᠢᠯ ᠢ ᠥᠷᠨᠢᠭᠦᠯᠵᠦ᠂ | ᠰᠤᠷᠭᠠᠭᠤᠯᠢ᠂ ᠪᠠᠭᠰᠢ ᠠᠵᠢᠯᠳᠡᠠ ᠠᠵᠢᠯᠴᠢᠨ᠂ ᠭᠡᠷ ᠤᠨ ᠠᠬᠠᠮᠠᠳ ᠠᠴᠠ ᠰᠤᠷᠤᠭᠴᠢ ᠶᠢ ᠬᠠᠮᠠᠭᠠᠯᠠᠬᠤ ᠠᠵᠢᠯ ᠢ | ᠥᠷᠨᠢᠭᠦᠯᠬᠦ ᠶᠢ ᠵᠢᠯᠣᠭᠤᠳᠤᠨ ᠳᠡᠮᠵᠢᠬᠦ ᠬᠡᠷᠡᠭᠲᠡᠶ᠃ | ᠲᠠᠪᠢᠨ ᠵᠢᠷᠭᠤᠳᠤᠭᠠᠷ ᠵᠦᠢᠯ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠬᠢᠨ ᠰᠤᠷᠤᠭᠴᠢ ᠶᠢ ᠬᠠᠮᠠᠭᠠᠯᠠᠬᠤ ᠠᠵᠢᠯ ᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠲᠣᠭᠲᠠᠮᠠᠯ | ᠬᠤᠭᠤᠴᠠᠭᠠᠲᠠᠢ ᠪᠠᠷ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠲᠤ ᠨᠠᠶᠢᠳᠠᠨ ᠬᠠᠷᠢᠶ᠎ᠠ ᠣᠷᠣᠨ ᠤ | ᠰᠤᠷᠭᠠᠭᠤᠯᠢ ᠶᠢᠨ ᠰᠤᠷᠤᠭᠴᠢ ᠶᠢ ᠬᠠᠮᠠᠭᠠᠯᠠᠬᠤ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠪᠠᠶᠢᠳᠠᠯ ᠢ ᠦᠨᠡᠯᠡᠨ ᠵᠢᠱᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠰᠤᠷᠭᠠᠭᠤᠯᠢ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠯᠡᠬᠦ᠂ ᠰᠤᠷᠭᠠᠭᠤᠯᠢ ᠶᠢᠨ ᠵᠠᠬᠢᠷᠤᠯ ᠢ ᠬᠢᠨᠠᠨ ᠲᠣᠭᠲᠠᠭᠠᠵᠤ ᠬᠢᠨᠠᠨ | ᠪᠠᠶᠢᠴᠠᠭᠠᠬᠤ ᠦᠨᠳᠦᠰᠦᠯᠡᠯ ᠪᠣᠯᠭᠠᠨ᠎ᠠ᠃ | ᠡᠯ᠎ᠡ ᠱᠠᠲᠤᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠮᠵᠢ ᠨᠢ ᠰᠤᠷᠭᠠᠭᠤᠯᠢ ᠠᠴᠠ ᠰᠤᠷᠤᠭᠴᠢ ᠶᠢ | ᠬᠠᠮᠠᠭᠠᠯᠠᠬᠤ ᠠᠵᠢᠯ ᠤᠨ ᠪᠠᠶᠢᠳᠠᠯ ᠢ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠢ ᠦᠨᠡᠯᠡᠬᠦ ᠪᠠ ᠰᠤᠷᠭᠠᠭᠤᠯᠢ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠭᠤᠯᠭ᠎ᠠ ᠳᠤ ᠪᠠᠨ | ᠣᠷᠣᠭᠤᠯᠬᠤ ᠬᠡᠷᠡᠭᠲᠡᠶ᠃ | ᠳᠣᠯᠣᠳᠤᠭᠠᠷ ᠪᠦᠯᠦᠭ ᠬᠠᠷᠢᠭᠤᠴᠠᠯᠭ᠎ᠠ ᠬᠢᠭᠡᠳ ᠲᠡᠭᠦᠨ ᠢ ᠰᠢᠢᠳᠪᠦᠷᠢᠯᠡᠬᠦ | ᠲᠠᠪᠢᠨ ᠳᠣᠯᠣᠳᠤᠭᠠᠷ ᠵᠦᠢᠯ ᠰᠤᠷᠭᠠᠭᠤᠯᠢ ᠨᠢ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ ᠳᠤ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠲᠤᠰ ᠲᠣᠭᠲᠠᠭᠠᠯ ᠢ ᠵᠥᠷᠢᠴᠡᠨ | ᠰᠤᠷᠤᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠣᠯ ᠭᠤᠣᠯᠯᠠᠨ ᠬᠠᠮᠢᠶᠠᠷᠬᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ ᠦᠢᠯᠡ | ᠪᠠᠶᠢᠳᠠᠯ ᠪᠠ ᠦᠷ᠎ᠡ ᠤᠷᠰᠢᠭ ᠢ ᠨᠢ ᠦᠵᠡᠵᠦ ᠬᠤᠯᠪᠤᠭᠳᠠᠬᠤ ᠲᠣᠭᠲᠠᠭᠠᠯ ᠪᠠ ᠡᠷᠬᠡ ᠶᠢᠨ ᠬᠡᠪᠴᠢᠶ᠎ᠡ ᠶᠣᠰᠤ ᠪᠠᠷ | ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠲᠠᠨ ᠪᠤᠶᠤ ᠪᠤᠰᠤᠳ ᠬᠠᠷᠢᠭᠤᠴᠠᠯᠭᠠᠲᠠᠨ ᠢ | ᠲᠤᠰ ᠲᠤᠰ ᠰᠡᠷᠡᠮᠵᠢᠯᠡᠭᠦᠯᠦᠨ ᠢᠳᠬᠠᠵᠤ ᠶᠠᠷᠢᠯᠴᠠᠨ᠂ ᠵᠠᠷᠯᠠᠨ ᠰᠢᠭᠦᠮᠵᠢᠯᠡᠵᠦ᠂ ᠰᠢᠢᠳᠭᠡᠯ ᠥᠭᠬᠦ ᠪᠤᠶᠤ | ᠰᠤᠷᠭᠠᠭᠤᠯᠢ ᠶᠢ ᠵᠠᠷᠯᠢᠭᠳᠠᠨ ᠰᠢᠢᠳᠭᠡᠯ ᠥᠭᠭᠦᠭᠦᠯᠬᠦ ᠬᠡᠷᠡᠭᠲᠡᠶ︔ ᠡᠭᠦᠨ ᠤ ᠬᠠᠮᠲᠤ 1 ᠠᠴᠠ 3 ᠵᠢᠯ ᠤᠨ ᠳᠣᠲᠣᠷ᠎ᠠ | ᠰᠤᠷᠭᠠᠭᠤᠯᠢ ᠶᠢᠨ ᠱᠠᠩᠨᠠᠯ ᠪᠠ ᠰᠢᠯᠢᠳᠡᠭ ᠢ ᠰᠢᠯᠭᠠᠷᠠᠭᠤᠯᠬᠤ ᠳᠤ ᠣᠷᠣᠯᠴᠠᠭᠤᠯᠵᠤ ᠪᠣᠯᠬᠤ ᠦᠭᠡᠶ᠂ ᠡᠯ᠎ᠡ | ᠲᠥᠷᠥᠯ ᠤᠨ ᠦᠯᠢᠭᠡᠷ ᠵᠢᠱᠢᠶ᠎ᠡ᠂ ᠳᠠᠭᠤᠷᠢᠶᠠᠯ ᠦᠵᠡᠭᠦᠯᠬᠦ ᠨᠢᠭᠡᠴᠢ ᠵᠡᠷᠭᠡ ᠢᠷᠠᠭᠤ ᠠᠯᠳᠠᠷ ᠢ ᠰᠢᠯᠭᠠᠷᠠᠭᠤᠯᠬᠤ ᠳᠤ | ᠣᠷᠣᠯᠴᠠᠭᠤᠯᠵᠤ ᠪᠣᠯᠬᠤ ᠦᠭᠡᠶ᠃ | ᠲᠠᠪᠢᠨ ᠨᠠᠢᠮᠠᠳᠤᠭᠠᠷ ᠵᠦᠢᠯ ᠰᠤᠷᠭᠠᠭᠤᠯᠢ ᠨᠢ ᠪᠠᠭᠰᠢ ᠠᠵᠢᠯᠲᠠᠨ ᠠᠵᠢᠯᠴᠢᠨ ᠤ ᠬᠠᠮᠢᠶᠠᠷᠤᠯᠲᠠ᠂ ᠬᠢᠨᠠᠯᠲᠠ | ᠲᠠᠯᠪᠢᠬᠤ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠶ ᠠᠴᠠ ᠪᠣᠯᠵᠤ ᠪᠠᠭᠰᠢ ᠠᠵᠢᠯᠲᠠᠨ ᠠᠵᠢᠯᠴᠢᠨ | ᠰᠤᠷᠤᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠦᠨᠳᠦ ᠨᠣᠴᠢᠲᠠᠶ ᠬᠥᠨᠥᠭᠡᠯ ᠤᠴᠠᠷᠠᠭᠤᠯᠤᠭᠰᠠᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ᠂ ᠡᠰᠡᠬᠦᠯ᠎ᠡ ᠥᠮᠥᠭᠯᠡᠭᠰᠡᠨ᠂ ᠨᠢᠭᠤᠵᠤ ᠳᠠᠷᠤᠭᠠᠳ | ᠮᠡᠳᠡᠭᠦᠯᠦᠭᠰᠡᠨ ᠦᠭᠡᠶ᠂ ᠰᠦᠷᠳᠡᠭᠦᠯᠦᠭᠰᠡᠨ᠂ ᠬᠡᠷᠡᠭ ᠮᠡᠳᠡᠭᠦᠯᠬᠦ ᠶᠢ ᠬᠤᠷᠢᠭᠯᠠᠭᠰᠠᠨ᠂ ᠪᠠᠶᠢᠴᠠᠭᠠᠬᠤ ᠶᠢ | ᠬᠠᠷᠰᠢᠯᠠᠭᠰᠠᠨ᠂ ᠰᠤᠷᠤᠭᠴᠢ ᠳᠤ ᠴᠣᠬᠢᠯᠲᠠ ᠥᠭᠴᠦ ᠥᠰᠢᠶ᠎ᠡ ᠠᠪᠤᠭᠰᠠᠨ ᠵᠡᠷᠭᠡ ᠠᠵᠢᠯᠯᠠᠭ᠎ᠠ ᠲᠠᠢ ᠪᠣᠯ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠭᠤᠤᠯ ᠬᠠᠷᠢᠭᠤᠴᠠᠯᠭᠠᠲᠠᠨ ᠪᠣᠯᠤᠨ ᠰᠢᠭᠤᠳ ᠬᠠᠷᠢᠭᠤᠴᠠᠯᠭ᠎ᠠ | ᠡᠭᠦᠷᠭᠡᠯᠡᠭᠴᠢ ᠳᠤ ᠰᠢᠢᠳᠭᠡᠯ ᠥᠭᠬᠦ ᠪᠤᠶᠤ ᠰᠤᠷᠭᠠᠭᠤᠯᠢ ᠶᠢ ᠵᠠᠷᠯᠢᠭᠳᠠᠵᠤ ᠰᠢᠢᠳᠭᠡᠯ ᠥᠭᠭᠦᠭᠦᠯᠬᠦ ᠬᠡᠷᠡᠭᠲᠡᠶ︔ | ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠬᠤᠯᠪᠤᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ | ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠢ᠃ ᠬᠠᠤᠯᠢ ᠶᠢ ᠵᠥᠷᠢᠴᠡᠵᠦ ᠶᠠᠯ᠎ᠠ ᠪᠤᠯᠵᠤ ᠪᠦᠷᠢᠯᠳᠦᠭᠰᠡᠨ ᠪᠣᠯ ᠬᠠᠤᠯᠢ | ᠶᠣᠰᠤ ᠪᠠᠷ ᠵᠣᠬᠢᠰᠲᠠᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠨᠢ ᠬᠦᠴᠦᠨ | ᠦᠭᠡᠶ ᠠᠴᠠ ᠪᠣᠯᠵᠤ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ ᠪᠣᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠭᠰᠡᠨ ᠰᠤᠷᠭᠠᠭᠤᠯᠢ ᠶᠢᠨ ᠵᠠᠬᠢᠷᠤᠯ ᠳᠤ 5 ᠵᠢᠯ ᠤᠨ ᠳᠣᠲᠣᠷ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ | ᠡᠭᠦᠷᠭᠡᠯᠡᠭᠦᠯᠵᠦ ᠪᠣᠯᠬᠤ ᠦᠭᠡᠶ᠃ | ᠲᠠᠪᠢ ᠶᠢᠰᠦᠳᠦᠭᠡᠷ ᠵᠦᠢᠯ ᠰᠤᠷᠭᠠᠭᠤᠯᠢ ᠲᠤᠰ ᠲᠣᠭᠲᠠᠭᠠᠯ ᠤᠨ ᠶᠣᠰᠤ ᠪᠠᠷ ᠰᠤᠷᠤᠭᠴᠢ ᠶᠢᠨ ᠡᠷᠬᠡ | ᠠᠰᠢᠭ ᠢ ᠬᠠᠮᠠᠭᠠᠯᠠᠬᠤ ᠲᠣᠭᠲᠠᠴᠠ ᠶᠢ ᠪᠠᠶᠢᠭᠤᠯᠤᠭᠰᠠᠨ ᠦᠭᠡᠶ᠂ ᠡᠰᠡᠬᠦᠯ᠎ᠡ ᠲᠣᠭᠲᠠᠭᠠᠭᠰᠠᠨ ᠰᠤᠷᠭᠠᠭᠤᠯᠢ ᠶᠢᠨ | ᠳᠦᠷᠢᠮ ᠨᠢ ᠬᠠᠤᠯᠢ ᠴᠠᠭᠠᠵᠠ ᠬᠠᠤᠯᠢ ᠳᠦᠷᠢᠮ ᠪᠣᠯᠤᠨ ᠲᠤᠰ ᠲᠣᠭᠲᠠᠭᠠᠯ ᠠᠴᠠ ᠵᠥᠷᠢᠴᠡᠭᠰᠡᠨ ᠪᠣᠯ ᠭᠤᠣᠯᠯᠠᠨ | ᠬᠠᠮᠢᠶᠠᠷᠬᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠬᠤᠭᠤᠴᠠᠭ᠎ᠠ ᠳᠣᠭᠲᠠᠭᠠᠨ | ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠬᠦ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠢ᠂ ᠨᠥᠯᠥᠭᠡ ᠪᠠᠷ | ᠨᠡᠯᠢᠶᠡᠳ ᠶᠡᠭᠡ ᠪᠤᠶᠤ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠤᠢᠭᠡᠢ ᠪᠣᠯ ᠰᠤᠷᠭᠠᠭᠤᠯᠢ ᠶᠢᠨ ᠭᠤᠣᠯ | ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠳᠤ ᠰᠢᠢᠳᠭᠡᠯ ᠥᠭᠬᠦ ᠪᠤᠶᠤ ᠰᠤᠷᠭᠠᠭᠤᠯᠢ ᠶᠢ ᠵᠠᠷᠯᠢᠭᠳᠠᠵᠤ | ᠰᠢᠢᠳᠭᠡᠯ ᠥᠭᠭᠦᠭᠦᠯᠬᠦ ᠬᠡᠷᠡᠭᠲᠡᠢ᠃ | ᠵᠢᠷᠠᠳᠤᠭᠠᠷ ᠵᠦᠢᠯ ᠪᠠᠭᠰᠢ ᠠᠵᠢᠯᠳᠠᠨ ᠠᠵᠢᠯᠴᠢᠨ ᠲᠤᠰ ᠲᠣᠭᠲᠠᠭᠠᠯ ᠢ ᠵᠥᠷᠢᠴᠡᠭᠰᠡᠨ ᠪᠣᠯ ᠰᠤᠷᠭᠠᠭᠤᠯᠢ | ᠪᠤᠶᠤ ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠠᠵᠢᠯ ᠦᠢᠯᠡᠰ ᠤᠨ ᠨᠢᠭᠡᠴᠢ ᠶᠢᠨ | ᠠᠵᠢᠯᠳᠠᠨ ᠤ ᠬᠠᠮᠢᠶᠠᠷᠤᠯᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠠᠮᠢᠶᠠᠷᠤᠯᠲᠠ ᠶᠢᠨ ᠲᠣᠭᠲᠠᠭᠠᠯ | ᠶᠣᠰᠤ ᠪᠠᠷ ᠰᠢᠢᠳᠪᠦᠷᠢᠯᠡᠨ᠎ᠡ᠃ | ᠪᠠᠭᠰᠢ ᠠᠵᠢᠯᠳᠡᠠ ᠠᠵᠢᠯᠴᠢᠨ ᠬᠤᠷᠢᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ ᠬᠤᠷᠢᠭᠯᠠᠭᠰᠠᠨ | ᠤᠢᠢᠯᠠ ᠠᠵᠢᠯᠯᠠᠭ᠎ᠠ ᠶᠢ ᠬᠢᠭᠰᠡᠨ ᠪᠣᠯ ᠠᠵᠢᠯ ᠠᠴᠠ ᠨᠢ ᠬᠥᠭᠡᠭᠡᠬᠦ ᠪᠤᠶᠤ ᠤᠷᠢᠬᠤ ᠪᠠᠨ ᠵᠣᠭᠰᠣᠭᠠᠬᠤ ᠬᠡᠷᠡᠭᠲᠡᠢ︔ | ᠪᠠᠭᠰᠢ ᠶᠢᠨ ᠬᠢᠷᠢ ᠬᠡᠮ ᠲᠠᠢ ᠶᠢ ᠨᠢ ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠪᠠᠭᠰᠢ ᠶᠢᠨ ᠬᠢᠷᠢ ᠬᠡᠮ ᠢ ᠨᠢ ᠬᠠᠰᠤᠵᠤ᠂ ᠠᠵᠢᠯ ᠡᠷᠬᠢᠯᠡᠬᠦ ᠶᠢ ᠬᠤᠷᠢᠭᠯᠠᠭᠳᠠᠭᠰᠠᠳ ᠤᠨ ᠨᠡᠷᠡᠰ ᠲᠤ | ᠣᠷᠣᠭᠤᠯᠤᠨ᠎ᠠ︔ ᠶᠠᠯ᠎ᠠ ᠬᠢᠭᠰᠡᠨ ᠰᠡᠵᠢᠭᠯᠡᠯᠲᠡᠢ ᠪᠣᠯ ᠬᠤᠯᠪᠤᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ | ᠬᠠᠤᠯᠢ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ | ᠪᠠᠭᠰᠢ ᠠᠵᠢᠯᠲᠠᠨ ᠠᠵᠢᠯᠴᠢᠨ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠨ ᠵᠦᠶ ᠵᠣᠬᠢᠰ | ᠦᠭᠡᠶ ᠠᠰᠢᠭ ᠣᠯᠤᠭᠰᠠᠨ ᠪᠣᠯ ᠬᠤᠷᠢᠶᠠᠭᠰᠠᠨ ᠰᠦᠢᠳᠭᠡᠯ ᠪᠤᠶᠤ ᠣᠯᠤᠭᠰᠠᠨ ᠠᠰᠢᠭ ᠢ ᠨᠢ ᠵᠠᠷᠯᠢᠭᠳᠠᠨ | ᠪᠤᠴᠠᠭᠠᠯᠭᠠᠵᠤ᠂ ᠰᠤᠷᠤᠭᠴᠢ ᠳᠤ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠤ ᠪᠠᠷ | ᠲᠥᠯᠥᠪᠦᠷᠢ ᠥᠭᠬᠦ ᠶᠢᠨ ᠬᠠᠮᠲᠤ ᠪᠠᠶᠢᠳᠠᠯ ᠢ ᠨᠢ ᠦᠵᠡᠨ ᠰᠢᠢᠳᠭᠡᠯ ᠥᠭᠴᠦ᠂ ᠬᠠᠤᠯᠢ ᠠᠴᠠ ᠵᠦᠷᠢᠴᠡᠨ ᠶᠠᠯ᠎ᠠ ᠳᠤ | ᠬᠦᠷᠦᠭᠰᠡᠨ ᠪᠣᠯ ᠬᠤᠯᠪᠤᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠤᠯᠢ ᠶᠣᠰᠤ ᠪᠠᠷ | ᠬᠠᠷᠢᠭᠤᠴᠠᠯᠭ᠎ᠠ ᠨᠡᠬᠡᠮᠵᠢᠯᠡᠨ᠎ᠡ᠃ | ᠰᠤᠷᠭᠠᠭᠤᠯᠢ ᠡᠷᠬᠡᠪᠰᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠤᠷᠭᠠᠭᠤᠯᠢ ᠶᠢᠨ ᠳᠣᠲᠣᠷᠠᠬᠢ ᠪᠤᠰᠤᠳ | ᠠᠵᠢᠯᠲᠠᠨ ᠢ ᠤᠷᠢᠨ ᠬᠡᠷᠡᠭᠯᠡᠬᠦ ᠪᠠ ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠤᠰᠤᠳ ᠠᠵᠢᠯᠲᠠᠨ | ᠲᠤᠰ ᠲᠣᠭᠲᠠᠭᠠᠯ ᠠᠴᠠ ᠵᠥᠷᠢᠴᠡᠭᠰᠡᠨ ᠪᠣᠯ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ | ᠰᠤᠷᠭᠠᠭᠤᠯᠢ ᠠᠴᠠ ᠰᠠᠬᠢᠯᠭ᠎ᠠ ᠪᠠᠲᠤ ᠶᠢᠨ ᠰᠢᠢᠳᠭᠡᠯ ᠥᠭᠬᠦ ᠪᠤᠶᠤ ᠴᠠᠭᠠᠰᠢᠯᠠᠪᠠᠯ ᠤᠷᠢᠬᠤ ᠪᠠᠨ ᠵᠣᠭᠰᠣᠭᠠᠨ᠎ᠠ᠃ | ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠪᠤᠶᠤ ᠶᠠᠯ᠎ᠠ ᠬᠢᠭᠰᠡᠨ ᠰᠡᠵᠢᠭᠯᠡᠯᠲᠡᠢ ᠪᠣᠯ ᠬᠤᠯᠪᠤᠭᠳᠠᠬᠤ | ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠤᠯᠢ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠨᠢᠭᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠰᠤᠷᠭᠠᠭᠤᠯᠢ ᠶᠢ ᠵᠢᠯᠣᠭᠤᠳᠬᠤ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠶ᠂ | ᠬᠠᠷᠢᠶ᠎ᠠ ᠣᠷᠣᠨ ᠤ ᠰᠤᠷᠭᠠᠭᠤᠯᠢ ᠳᠤ ᠰᠤᠷᠤᠭᠴᠢ ᠶᠢᠨ ᠡᠷᠬᠡ ᠠᠰᠢᠭ ᠲᠤ ᠬᠦᠨᠳᠦ ᠨᠣᠴᠢᠲᠠᠶ ᠬᠠᠯᠳᠠᠭᠰᠠᠨ ᠪᠠᠶᠢᠳᠠᠯ | ᠭᠠᠷᠤᠭᠰᠠᠨ ᠪᠣᠯ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ ᠵᠠᠷᠯᠠᠨ ᠰᠢᠭᠦᠮᠵᠢᠯᠡᠵᠦ᠂ | ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠭᠤᠤᠯ ᠬᠠᠷᠢᠭᠤᠴᠠᠯᠭᠠᠲᠠᠨ ᠪᠤᠶᠤ ᠰᠢᠭᠤᠳ ᠬᠠᠷᠢᠭᠤᠴᠠᠯᠭ᠎ᠠ | ᠡᠭᠦᠷᠭᠡᠯᠡᠭᠴᠢ ᠠᠴᠠ ᠬᠠᠤᠯᠢ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠨ ᠬᠤᠶᠠᠳᠤᠭᠠᠷ ᠵᠦᠢᠯ ᠬᠡᠦᠬᠡᠳ ᠤᠨ ᠴᠡᠴᠡᠷᠯᠢᠭ᠂ ᠣᠨᠴᠠᠭᠠᠶ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠴᠡ ᠶᠢᠨ ᠣᠨᠴᠠᠯᠢᠭ᠂ ᠲᠤᠰ ᠲᠣᠭᠲᠠᠭᠠᠯ ᠢ | ᠦᠨᠳᠦᠰᠦᠯᠡᠨ ᠬᠡᠦᠬᠡᠳ ᠤᠨ ᠴᠡᠴᠡᠷᠯᠢᠭ᠂ ᠰᠤᠷᠭᠠᠭᠤᠯᠢ ᠳᠤ ᠪᠠᠶᠢᠭ᠎ᠠ ᠨᠠᠰᠤᠨ ᠳᠤ ᠦᠯᠤ ᠬᠥᠷᠦᠭᠰᠡᠳ ᠤᠨ ᠬᠠᠤᠯᠢ | ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠬᠠᠨᠳᠤᠯᠭᠠᠲᠠᠢ ᠴᠢᠩᠭᠠᠳᠬᠠᠵᠤ᠂ ᠲᠤᠰ ᠲᠣᠭᠲᠠᠭᠠᠯ ᠢ ᠯᠠᠪᠯᠠᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠠᠭᠠᠯᠠᠬᠤ ᠲᠦᠷᠢᠮ ᠢ ᠪᠠᠶᠢᠭᠤᠯᠬᠤ ᠬᠡᠷᠡᠭᠲᠡᠶ᠃ | ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠵᠢᠴᠢ ᠪᠠᠭᠰᠢ ᠠᠵᠢᠯᠲᠠᠨ | ᠠᠵᠢᠯᠴᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠠᠴᠠ ᠪᠠᠨ ᠵᠥᠷᠢᠴᠡᠨ᠂ ᠴᠡᠴᠡᠷᠯᠢᠭ ᠲᠤ ᠪᠠᠶᠢᠭ᠎ᠠ ᠪᠠ | ᠰᠤᠷᠭᠠᠭᠤᠯᠢ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ | ᠪᠣᠯ ᠲᠤᠰ ᠲᠣᠭᠲᠠᠭᠠᠯ ᠢ ᠬᠡᠷᠡᠭᠯᠡᠨ ᠬᠦᠨᠳᠦ ᠪᠠᠷ ᠰᠢᠢᠳᠪᠦᠷᠢᠯᠡᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠲᠤᠰ ᠲᠣᠭᠲᠠᠭᠠᠯ ᠢ 2021 ᠣᠨ ᠤ 9 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |