︽ᠠᠷᠤ ᠬᠤᠷᠴᠢᠨ ᠬᠤᠰᠢᠭᠤᠨ ᠤ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠭᠠᠬᠤ | ᠲᠥᠰᠦᠯ︾ ᠭᠡᠵᠦ ᠲᠣᠪᠴᠢᠯᠠᠨ᠎ᠠ︶ ᠢ ᠣᠳᠣᠬᠠᠨ ᠳᠤ ᠨᠡᠶᠢᠲᠡᠯᠡᠪᠡ᠃ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠄ | | ᠨᠢᠭᠡ᠂ ᠠᠬᠤᠶ ᠪᠠᠶᠢᠳᠠᠯ ᠪᠠ ᠠᠴᠢ ᠬᠤᠯᠪᠣᠭᠳᠠᠯ | ᠸᠠᠺᠼᠢᠨ ᠡᠮ ᠤᠨ ᠵᠦᠢᠯ ᠤᠨ ᠠᠮᠤᠷ ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ | ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ ᠪᠣᠯᠬᠤᠷ ᠨᠠᠮ ᠪᠠ ᠤᠯᠤᠰ ᠠᠴᠠ ᠢᠮᠠᠭᠲᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠳᠡᠭ᠃ 2019 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠭᠰᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠸᠠᠺᠼᠢᠨ ᠤ ᠬᠠᠮᠢᠶᠠᠷᠤᠯᠲᠠ ᠶᠢᠨ ᠬᠠᠤᠯᠢ︾ ︵ᠳᠣᠷᠣᠭᠰᠢ ︽ᠬᠤᠶᠠᠷ ᠬᠠᠤᠯᠢ︾ ᠭᠡᠵᠦ ᠲᠣᠪᠴᠢᠯᠠᠨ᠎ᠠ︶ | ᠳᠤ ︽ᠪᠠᠴᠢᠮ ᠪᠠᠶᠢᠳᠠᠯ ᠠᠷᠭᠠᠴᠠᠭᠠᠬᠤ ᠲᠥᠰᠦᠯ︾ ᠢ ᠲᠣᠭᠲᠠᠭᠠᠬᠤ ᠲᠤᠬᠠᠶ ᠲᠣᠳᠣᠷᠬᠠᠶ ᠲᠣᠭᠲᠠᠭᠠᠯ | ᠭᠠᠷᠭᠠᠪᠠ᠃ | ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠪᠣᠯ ᠨᠠᠮ ᠪᠠ ᠤᠯᠤᠰ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ︽ᠬᠤᠶᠠᠷ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠶ ᠠᠷᠭ᠎ᠠ | ᠬᠡᠮᠵᠢᠶ᠎ᠡ ᠮᠥᠨ᠃ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠸᠠᠺᠼᠢᠨ ᠡᠮ ᠤᠨ | ᠵᠦᠢᠯ ᠤᠨ ᠠᠮᠤᠷ ᠲᠦᠪᠰᠢᠨ ᠤ ᠬᠡᠷᠡᠭ ᠢ ᠪᠦᠲᠦᠮᠵᠢᠲᠡᠶ ᠰᠡᠷᠭᠡᠶᠢᠯᠡᠬᠦ᠂ ᠢᠳᠡᠪᠬᠢᠲᠡᠶ ᠠᠷᠭᠠᠴᠠᠭᠠᠬᠤ᠂ ᠥᠨᠳᠥᠷ | ᠪᠦᠲᠦᠮᠵᠢᠲᠡᠶ ᠰᠢᠢᠳᠪᠦᠷᠢᠯᠡᠬᠦ᠂ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠤᠨ ᠬᠤᠤᠷ ᠬᠥᠨᠥᠭᠡᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠨᠢ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠭᠤᠣᠯ ᠠᠭᠤᠯᠭ᠎ᠠ | ︵ᠨᠢᠭᠡ︶ ᠶᠡᠷᠦᠩᠬᠡᠶ ᠳᠦᠷᠢᠮ | ᠨᠠᠶᠢᠷᠠᠭᠤᠯᠤᠨ ᠵᠤᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠤᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ | ᠠᠵᠢᠯ ᠤᠨ ᠵᠠᠷᠴᠢᠮ ᠢ ᠲᠣᠳᠤᠷᠬᠠᠶᠢᠯᠠᠪᠠ᠃ ᠨᠢᠭᠡᠳᠦᠯᠲᠡᠶ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ᠂ | ᠲᠦᠷᠭᠡᠨ ᠲᠤᠰᠬᠠᠯ ᠭᠠᠷᠭᠠᠬᠤ᠂ ᠬᠠᠮᠵᠢᠯᠴᠠᠨ ᠠᠷᠭᠠᠴᠠᠭᠠᠬᠤ᠂ ᠨᠢᠭᠲᠠ ᠴᠢᠩᠭ᠎ᠠ ᠬᠢᠨᠠᠨ ᠬᠡᠮᠵᠢᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ | ᠵᠢᠷᠤᠮᠵᠢᠭᠤᠯᠬᠤ ᠶᠢ ᠴᠢᠬᠤᠯᠠᠴᠢᠯᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠬᠠᠤᠯᠢ ᠶᠣᠰᠣᠭᠠᠷ ᠰᠢᠢᠳᠪᠦᠷᠢᠯᠡᠬᠦ ᠶᠢ ᠴᠢᠬᠤᠯᠠᠴᠢᠯᠠᠪᠠ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠡᠭᠦᠷᠭᠡ ᠬᠠᠷᠢᠭᠤᠴᠠᠯᠭ᠎ᠠ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠲᠣᠭᠲᠠᠴᠠ ᠶᠢ ᠲᠣᠳᠣᠷᠬᠠᠶ ᠪᠣᠯᠭᠠᠪᠠ᠃ ᠡᠮ ᠤᠨ ᠵᠦᠢᠯ ᠢ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠤᠨ | ᠡᠵᠡᠮᠰᠢᠭᠴᠢ᠂ ᠡᠮ ᠤᠨ ᠵᠦᠢᠯ ᠢ ᠦᠢᠯᠡᠳᠪᠦᠷᠢᠯᠡᠬᠦ᠂ ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠪᠠ ᠬᠡᠷᠡᠭᠯᠡᠬᠦ | ᠨᠢᠭᠡᠴᠢ ᠶᠢᠨ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ︵ᠭᠤᠷᠪᠠ︶ ᠬᠢᠨᠠᠨ ᠬᠡᠮᠵᠢᠵᠦ ᠰᠡᠷᠡᠮᠵᠢᠯᠡᠭᠦᠯᠬᠦ | ᠲᠦᠭᠰᠢᠭᠦᠷᠢ ᠶᠢ ᠬᠢᠨᠠᠨ ᠬᠡᠮᠵᠢᠬᠦ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠭᠤᠯᠭ᠎ᠠ ᠶᠢ | ᠪᠠᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠮᠡᠳᠡᠭᠦᠯᠦᠨ ᠬᠦᠷᠭᠡᠬᠦ᠂ ᠮᠡᠳᠡᠭᠡ ᠵᠠᠩᠭᠢ | ᠨᠡᠶᠢᠲᠡᠯᠡᠬᠦ᠂ ᠰᠢᠢᠳᠪᠦᠷᠢᠯᠡᠬᠦ᠂ ᠳᠣᠭᠢᠷᠠᠭᠤᠯᠬᠤ᠂ ᠬᠦᠴᠦᠨ ᠥᠬᠡᠶ ᠪᠣᠯᠭᠠᠬᠤ ᠵᠢᠴᠢ ᠲᠣᠳᠤᠷᠬᠠᠶᠢᠯᠠᠯ ᠪᠠ | ᠱᠠᠭᠠᠷᠳᠠᠯᠭ᠎ᠠ ᠶᠢ ᠪᠠᠭᠲᠠᠭᠠᠨ᠎ᠠ᠃ | ︵ᠲᠥᠷᠪᠡ︶ ᠭᠡᠨᠡᠳᠲᠡ ᠶᠢᠨ ᠬᠡᠷᠡᠭ ᠢ ᠲᠡᠰ ᠬᠤᠪᠢᠶᠠᠬᠤ | ᠭᠡᠨᠡᠳᠲᠡ ᠶᠢᠨ ᠬᠡᠷᠡᠭ ᠤᠨ ᠰᠢᠨᠵᠢ ᠴᠢᠨᠠᠷ᠂ ᠬᠦᠨᠳᠦ ᠨᠣᠴᠢᠲᠠᠶ ᠶᠢᠨ ᠬᠡᠮᠵᠢᠶ᠎ᠡ᠂ ᠡᠵᠡᠮᠳᠡᠵᠦ ᠪᠣᠯᠬᠤ ᠴᠢᠨᠠᠷ | ᠪᠠ ᠨᠥᠯᠥᠭᠡᠯᠡᠬᠦ ᠬᠡᠪᠴᠢᠶ᠎ᠡ ᠵᠡᠷᠭᠡ ᠶᠢ ᠦᠨᠳᠦᠰᠦᠯᠡᠨ᠂ ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ | ᠪᠠ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠲᠤ ᠱᠠᠲᠤ ᠬᠤᠪᠢᠶᠠᠨ ᠬᠠᠮᠢᠶᠠᠷᠬᠤ ᠶᠢ | ᠬᠡᠷᠡᠭᠵᠢᠭᠦᠯᠦᠨ᠎ᠡ᠂ ᠡᠭᠦᠨ ᠳᠤ᠄ ᠣᠨᠴᠠᠭᠠᠶ ᠴᠢᠬᠤᠯᠠ ᠶᠡᠭᠡ᠂ ᠴᠢᠬᠤᠯᠠ ᠶᠡᠭᠡ᠂ ᠨᠡᠯᠢᠶᠡᠳ ᠶᠡᠭᠡ ᠪᠠ ᠡᠩ ᠤᠨ ᠭᠡᠬᠦ | ᠳᠥᠷᠪᠡᠨ ᠲᠠᠰ ᠬᠤᠪᠢᠶᠠᠨ᠎ᠠ᠃ | ︵ᠲᠠᠪᠤ︶ ᠮᠡᠳᠡᠭᠡ ᠵᠠᠩᠭᠢ ᠶᠢ ᠮᠡᠳᠡᠭᠳᠡᠬᠦ ᠪᠠ ᠮᠡᠳᠡᠭᠦᠯᠬᠦ | ᠮᠡᠳᠡᠭᠡ ᠵᠠᠩᠭᠢ ᠶᠢᠨ ᠮᠡᠳᠡᠭᠡᠯᠡᠯ᠂ ᠮᠡᠳᠡᠭᠡ ᠵᠠᠩᠭᠢ ᠶᠢᠨ ᠮᠡᠳᠡᠭᠦᠯᠦᠯᠲᠡ ᠵᠡᠷᠭᠡ ᠠᠭᠤᠯᠭ᠎ᠠ ᠪᠠᠭᠲᠠᠨ᠎ᠠ᠃ | ᠠᠳᠠᠯᠢ ᠪᠤᠰᠤ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠮᠡᠳᠡᠭᠦᠯᠦᠯᠲᠡ ᠶᠢᠨ ᠶᠠᠪᠣᠴᠠ ᠪᠠ ᠮᠡᠳᠡᠭᠦᠯᠦᠯᠲᠡ ᠶᠢᠨ | ᠱᠠᠭᠠᠷᠳᠠᠯᠭ᠎ᠠ ᠳᠤ ᠪᠣᠳᠠᠲᠠᠶ ᠲᠣᠭᠲᠠᠭᠠᠯ ᠭᠠᠷᠭᠠᠪᠠ᠃ | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠳᠠᠭᠠᠯ | ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠤᠨ ᠳᠠᠭᠠᠯ ᠲᠠᠰ ᠬᠤᠪᠢᠶᠠᠬᠤ᠂ ᠡᠮ ᠤᠨ | ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠳᠠᠭᠠᠯ ᠲᠠᠰ ᠬᠤᠪᠢᠶᠠᠬᠤ᠂ ᠳᠠᠭᠠᠯ ᠲᠠᠰ ᠬᠤᠪᠢᠶᠠᠬᠤ ᠶᠢ | ᠲᠤᠬᠢᠷᠠᠭᠤᠯᠬᠤ ᠵᠢᠴᠢ ᠵᠣᠭᠰᠣᠭᠠᠬᠤ ᠵᠡᠷᠭᠡ ᠠᠭᠤᠯᠭ᠎ᠠ ᠪᠠᠭᠲᠠᠨ᠎ᠠ᠃ | ︵ᠲᠤᠯᠤᠭ᠎ᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠠᠷᠴᠢᠮ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠶᠠᠪᠤᠴᠠ ᠵᠡᠷᠭᠡ ᠠᠭᠤᠯᠭ᠎ᠠ ᠶᠢ ᠪᠠᠭᠲᠠᠭᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠶᠠᠪᠤᠴᠠ ᠶᠣᠰᠣᠭᠠᠷ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠣᠯᠤᠭᠰᠠᠨ ᠠᠴᠠ ᠠᠪᠤᠭᠠᠳ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠭᠤᠰᠬᠤ ᠬᠦᠷᠲᠡᠯᠡᠬᠢ ᠪᠣᠳᠠᠲᠠᠶ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠪᠠᠭᠲᠠᠭᠠᠨ᠎ᠠ᠃ | ︵ᠨᠠᠢᠮᠠ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | ᠭᠤᠤᠯᠳᠠᠭᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭᠠᠬᠢ | ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ ᠪᠠᠶᠢᠴᠠᠭᠠᠵᠤ ᠦᠨᠡᠯᠡᠨ | ᠵᠢᠱᠢᠬᠦ ᠪᠠ ᠳ᠋ᠦᠩᠨᠡᠬᠦ ᠵᠡᠷᠭᠡ ᠬᠠᠮᠢᠶ᠎ᠠ ᠪᠥᠬᠦᠶ ᠠᠵᠢᠯ ᠳᠤ ᠱᠠᠭᠠᠷᠳᠠᠯᠭ᠎ᠠ ᠳᠤᠷᠠᠳᠪᠠ᠃ | ︵ᠶᠢᠰᠦ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ | ᠡᠩᠨᠡᠭᠡᠨ ᠤ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠮᠡᠳᠡᠭᠡ ᠵᠠᠩᠭᠢ ᠶᠢᠨ ᠪᠠᠲᠤᠯᠠᠭ᠎ᠠ᠂ ᠮᠡᠷᠭᠡᠵᠢᠯ ᠤᠨ | ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ᠂ ᠠᠮᠤᠷ ᠢ ᠬᠠᠮᠠᠭᠠᠯᠠᠬᠤ ᠬᠠᠮᠠᠭᠠᠯᠠᠯᠲᠠ᠂ | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠠᠭᠤᠯᠭ᠎ᠠ ᠶᠢ ᠪᠠᠭᠲᠠᠭᠠᠵᠤ᠂ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠪᠠ ᠠᠵᠢᠯ ᠲᠦᠷᠦᠯ ᠤᠨ ᠡᠮᠬᠢ ᠳᠢᠭᠯᠢᠮ ᠲᠠᠢ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ | ︵ᠠᠷᠪᠠ︶ ᠳᠠᠭᠠᠯᠳᠤᠭᠤᠯᠤᠭᠰᠠᠨ ᠲᠦᠷᠢᠮ | ᠨᠡᠷ᠎ᠡ ᠦᠭᠡ ᠨᠡᠷ᠎ᠡ ᠲᠣᠮᠢᠶ᠎ᠠ᠂ ᠪᠡᠯᠡᠳᠬᠡᠯ ᠲᠥᠰᠦᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ ᠲᠥᠰᠦᠯ ᠢ | ᠲᠠᠶᠢᠯᠪᠤᠷᠢᠯᠠᠬᠤ᠂ ᠪᠡᠯᠡᠳᠬᠡᠯ ᠲᠥᠰᠦᠯ ᠢ ᠬᠡᠷᠡᠭᠵᠢᠭᠦᠯᠬᠦ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ᠭᠤᠷᠪᠠ᠂ ᠭᠤᠣᠯ ᠣᠨᠴᠠᠯᠢᠭ | ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠲᠥᠰᠦᠯ︾᠂ ︽ᠤᠯᠠᠭᠠᠨᠬᠠᠳᠠ ᠬᠤᠲᠠ ᠶᠢᠨ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠦᠨᠳᠦᠰᠦᠯᠡᠨ ᠲᠤᠭᠲᠠᠭᠠᠵᠤ᠂ | ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠬᠤᠯᠠᠴᠢᠯᠠᠪᠠ᠃ ᠭᠤᠣᠯ ᠣᠨᠴᠠᠯᠢᠭ ᠨᠢ | ᠳᠣᠣᠷᠠᠬᠢ ᠵᠢᠷᠭᠤᠭᠠᠨ ᠲᠠᠯ᠎ᠠ ᠪᠠᠷ ᠢᠯᠡᠷᠡᠵᠦ ᠪᠤᠢ᠄ | ︵ᠨᠢᠭᠡ︶ ᠨᠢᠭᠡᠳᠦᠯᠲᠡᠶ ᠰᠢᠢᠳᠪᠦᠷᠢᠯᠡᠬᠦ ᠲᠣᠭᠲᠠᠴᠠ | ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠬᠢᠭᠡᠳ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠶᠢᠨ ᠨᠡᠶᠢᠲᠡᠯᠢᠭ ᠴᠢᠨᠠᠷ ᠪᠠ ᠥᠪᠡᠷᠮᠢᠴᠡ | ᠣᠨᠴᠠᠯᠢᠭ ᠢ ᠭᠦᠢᠴᠡᠳ ᠪᠣᠳᠣᠯᠬᠢᠯᠠᠵᠤ᠂ ᠲᠠᠰ ᠬᠤᠪᠢᠶᠠᠬᠤ ᠪᠠᠷᠢᠮᠵᠢᠶ᠎ᠠ᠂ ᠳᠠᠭᠠᠯ ᠲᠠᠰ ᠤᠨ ᠲᠠᠯ᠎ᠠ ᠪᠠᠷ ᠢᠯᠭᠠᠨ | ᠰᠠᠯᠭᠠᠵᠤ᠂ ᠸᠠᠺᠼᠢᠨ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠭᠡᠨᠡᠳᠲᠡ ᠶᠢᠨ ᠬᠡᠷᠡᠭ ᠢ | ᠠᠷᠭᠠᠴᠠᠭᠠᠬᠤ ᠶᠢ ᠡᠮᠬᠢᠯᠡᠨ ᠨᠡᠶᠢᠯᠡᠭᠦᠯᠵᠦ ᠪᠠᠶᠢᠭᠠᠳ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠭᠠᠨ ᠲᠣᠭᠲᠠᠭᠠᠪᠠ᠃ | ᠨᠢᠭᠡᠳᠦᠯᠲᠡᠶ ᠤᠳᠤᠷᠢᠳᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠨᠢᠭᠲᠠ ᠬᠠᠮᠵᠢᠯᠴᠠᠬᠤ ᠸᠠᠺᠼᠢᠨ ᠡᠮ ᠤᠨ | ᠵᠦᠢᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠤᠰᠢᠭᠤᠨ ᠤ ᠸᠠᠺᠼᠢᠨ | ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ᠃ | ︵ᠬᠤᠶᠠᠷ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠪᠠ | ᠲᠦᠭᠰᠢᠭᠦᠷᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶ᠎ᠠ ᠪᠥᠬᠦᠶ | ᠠᠭᠤᠯᠭ᠎ᠠ ᠳᠤ ᠲᠣᠭᠲᠠᠭᠠᠯ ᠭᠠᠷᠭᠠᠵᠤ᠂ ᠲᠠᠰ ᠬᠤᠪᠢᠶᠠᠬᠤ ᠠᠷᠭ᠎ᠠ ᠮᠠᠶ᠋ᠢᠭ ᠢᠶᠠᠷ ᠤᠷᠢᠳᠴᠢᠯᠠᠨ ᠰᠡᠷᠡᠮᠵᠢᠯᠡᠭᠦᠯᠵᠦ᠂ | ᠲᠦᠭᠰᠢᠭᠦᠷᠢ ᠶᠢᠨ ᠡᠯ᠎ᠡ ᠱᠠᠲᠤᠨ ᠤ ᠪᠣᠳᠠᠲᠠᠶ ᠪᠠᠶᠢᠳᠠᠯ ᠵᠢᠴᠢ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠡᠶᠢᠲᠡᠯᠡᠵᠦ | ᠂ ᠴᠢᠭᠯᠡᠯᠲᠦ ᠴᠢᠨᠠᠷᠲᠠᠶ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠣᠭᠢᠷᠠᠭᠤᠯᠤᠨ᠎ᠠ᠃ ᠭᠡᠨᠡᠳᠲᠡ ᠶᠢᠨ | ᠬᠡᠷᠡᠭ ᠤᠨ ᠬᠤᠪᠢᠷᠠᠯᠲᠠ ᠶᠢᠨ ᠪᠠᠶᠢᠳᠠᠯ᠂ ᠰᠢᠢᠳᠪᠦᠷᠢᠯᠡᠭᠰᠡᠨ ᠪᠠᠶᠢᠳᠠᠯ ᠪᠠ ᠦᠨᠡᠯᠡᠨ ᠵᠢᠱᠢᠭᠰᠡᠨ ᠦᠷ᠎ᠡ ᠳ᠋ᠦᠩ ᠢ | ᠦᠨᠳᠦᠰᠦᠯᠡᠨ᠂ ᠬᠤᠰᠢᠭᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠵᠢᠴᠢ ᠳᠡᠭᠡᠳᠦ | ᠱᠠᠲᠤᠨ ᠤ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ ᠤᠷᠢᠳᠴᠢᠯᠠᠨ ᠰᠡᠷᠡᠮᠵᠢᠯᠡᠭᠦᠯᠬᠦ ᠲᠠᠰ ᠢ | ᠳᠡᠭᠡᠭᠰᠢᠯᠡᠭᠦᠯᠬᠦ᠂ ᠪᠠᠭᠤᠷᠠᠭᠤᠯᠬᠤ ᠪᠠ ᠬᠦᠴᠦᠨ ᠥᠬᠡᠶ ᠪᠣᠯᠭᠠᠬᠤ ᠳᠤ ᠲᠣᠬᠢᠷᠠᠭᠤᠯᠤᠯᠲᠠ ᠬᠢᠵᠦ᠂ ᠭᠡᠨᠡᠳᠲᠡ ᠶᠢᠨ | ᠬᠡᠷᠡᠭ ᠤᠨ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠵᠠᠷᠴᠢᠮ ᠢ ᠳᠣᠪᠤᠶᠢᠯᠭᠠᠨ᠎ᠠ᠃ | ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠤᠷᠬᠠᠶᠢᠯᠠᠪᠠ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ | ᠬᠤᠪᠢᠷᠠᠯᠲᠠ ᠶᠢ ᠦᠨᠳᠦᠰᠦᠯᠡᠨ᠂ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠤᠷᠬᠠᠶᠢᠯᠠᠪᠠ᠃ ᠡᠮ ᠤᠨ ᠵᠦᠢᠯ ᠢ ᠵᠠᠬ᠎ᠠ ᠳᠡᠯᠭᠡᠭᠦᠷ ᠲᠤ ᠭᠠᠷᠭᠠᠬᠤ | ᠵᠥᠪᠰᠢᠶᠡᠷᠡᠯ ᠤᠨ ᠡᠵᠡᠮᠰᠢᠭᠴᠢ᠂ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠡᠮ ᠤᠨ ᠵᠦᠢᠯ ᠤᠨ | ᠡᠵᠡᠩᠨᠡᠯᠲᠡ ᠶᠢᠨ ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢᠨ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠤ ᠬᠠᠮᠢᠶ᠎ᠠ ᠪᠥᠬᠦᠶ | ᠱᠠᠭᠠᠷᠳᠠᠯᠭ᠎ᠠ ᠳᠤᠷᠠᠳᠴᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠣᠯᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠪᠠ ᠥᠨᠳᠥᠷ ᠦᠷ᠎ᠡ ᠪᠦᠲᠦᠮᠵᠢᠲᠡᠶ ᠠᠵᠢᠯᠯᠠᠭᠠᠨ ᠤ ᠲᠦᠷᠢᠮ ᠢ ᠪᠠᠶᠢᠭᠤᠯᠪᠠ᠃ | ︵ᠳᠥᠷᠪᠡ︶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ | ᠠᠭᠤᠯᠭ᠎ᠠ ᠶᠢ ᠦᠨᠳᠦᠰᠦᠯᠡᠨ᠂ ᠲᠠᠰ ᠳᠠᠷᠠᠭᠠᠯᠠᠯ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ︽ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ︾ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ | ︵ᠲᠠᠪᠤ︶ ᠮᠡᠳᠡᠭᠦᠯᠦᠯᠲᠡ ᠶᠢᠨ ᠲᠡᠰ ᠳᠠᠷᠠᠭᠠᠯᠠᠯ ᠢ ᠵᠢᠷᠤᠮᠵᠢᠭᠤᠯᠪᠠ | ᠠᠩᠬᠠᠨ ᠤ ᠮᠡᠳᠡᠭᠦᠯᠦᠯᠲᠡ᠂ ᠱᠠᠳᠤ ᠦᠶ᠎ᠡ ᠶᠢᠨ ᠮᠡᠳᠡᠭᠦᠯᠦᠯᠲᠡ᠂ ᠳ᠋ᠦᠩᠨᠡᠯᠲᠡ ᠶᠢᠨ ᠮᠡᠳᠡᠭᠦᠯᠦᠯᠲᠡ ᠳᠤ | ᠪᠣᠳᠠᠲᠠᠢ ᠱᠠᠭᠠᠷᠳᠠᠯᠭ᠎ᠠ ᠳᠤᠷᠠᠳᠪᠠ᠃ ᠠᠳᠠᠯᠢ ᠪᠤᠰᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠬᠠᠷᠢᠭᠤᠴᠠᠯᠭ᠎ᠠ ᠶᠢᠨ | ᠪᠡᠶᠡᠴᠢ ᠴᠣᠭᠴᠠ ᠳᠤ ᠴᠢᠭᠯᠡᠭᠦᠯᠦᠨ᠂ ᠮᠡᠳᠡᠭᠦᠯᠦᠯᠲᠡ ᠶᠢᠨ ᠲᠠᠰ ᠳᠠᠷᠠᠭᠠᠯᠠᠯ᠂ ᠮᠡᠳᠡᠭᠦᠯᠦᠯᠲᠡ ᠶᠢᠨ ᠴᠠᠭ ᠤᠨ | ᠬᠢᠵᠠᠭᠠᠷ᠂ ᠮᠡᠳᠡᠭᠦᠯᠦᠯᠲᠡ ᠶᠢᠨ ᠡᠲᠡᠭᠡᠳ ᠵᠡᠷᠭᠡ ᠲᠠᠯ᠎ᠠ ᠶᠢ ᠲᠣᠳᠣᠷᠬᠠᠶᠢᠯᠠᠵᠤ᠂ ᠳᠡᠭᠡᠳᠦ ᠳᠣᠤᠷᠠᠳᠤ ᠱᠠᠲᠤᠨ ᠤ | ᠵᠠᠰᠠᠭ ᠤᠨ ᠣᠷᠳᠣᠨ ᠤ ᠬᠤᠭᠤᠷᠣᠨᠳᠣᠬᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠡᠯ᠎ᠡ ᠰᠠᠯᠠᠭ᠎ᠠ ᠮᠥᠴᠢᠷ ᠤᠨ | ᠬᠤᠭᠤᠷᠣᠨᠳᠣᠬᠢ ᠮᠡᠳᠡᠭᠡ ᠵᠠᠩᠭᠢ ᠶᠢ ᠮᠡᠳᠡᠭᠡᠯᠡᠬᠦ ᠠᠵᠢᠯ ᠢ ᠨᠠᠷᠢᠨ ᠨᠢᠮᠪᠠᠶ ᠵᠢᠷᠤᠮᠵᠢᠭᠤᠯᠪᠠ᠂ ᠡᠭᠦᠨ ᠤ ᠵᠣᠷᠢᠯᠭ᠎ᠠ ᠨᠢ | ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠳᠠᠭᠠᠯ ᠲᠣᠭᠲᠠᠴᠠ ᠶᠢ ᠪᠣᠶ | ᠪᠣᠯᠭᠠᠬᠤ ᠶᠢᠨ ᠲᠥᠯᠥᠭᠡ ᠶᠤᠮ᠃ | ︵ᠵᠢᠷᠭᠤᠭ᠎ᠠ︶ ᠬᠥᠳᠡᠯᠦᠩᠭᠦᠶ ᠲᠡᠰ ᠤᠨ ᠲᠤᠬᠢᠷᠠᠭᠤᠯᠤᠯᠳᠠ | ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠡᠭᠦᠰᠴᠦ ᠬᠦᠭᠵᠢᠬᠦ ᠪᠤᠰᠤᠳᠴᠢ | ᠵᠢᠮ᠎ᠡ ᠶᠣᠰᠣ ᠶᠢ ᠵᠢᠷᠤᠮᠯᠠᠨ᠂ ᠸᠠᠺᠼᠢᠨ ᠡᠮ ᠤᠨ ᠵᠦᠢᠯ ᠤᠨ ᠭᠡᠨᠡᠳᠲᠡ ᠶᠢᠨ ᠬᠡᠷᠡᠭ ᠢ ᠳᠡᠰ ᠬᠤᠪᠢᠶᠠᠭᠰᠠᠨ | ᠰᠠᠭᠤᠷᠢᠨ ᠳᠡᠭᠡᠷ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠡᠨᠡᠳᠲᠡ ᠶᠢᠨ ᠬᠡᠷᠡᠭ ᠢ | ᠠᠷᠭᠠᠴᠠᠭᠠᠬᠤ ᠳᠤ ᠪᠣᠳᠠᠲᠠᠶ ᠱᠠᠭᠠᠷᠳᠠᠯᠭ᠎ᠠ ᠳᠤᠷᠠᠳᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠶᠠᠪᠤᠴᠠ ᠳᠤ ᠪᠣᠳᠠᠲᠠᠶ ᠪᠠᠶᠢᠳᠠᠯ ᠪᠠ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ | ᠵᠠᠳᠠᠯᠤᠯᠲᠠ᠂ ᠦᠨᠡᠯᠡᠯᠲᠡ᠂ ᠨᠤᠲᠠᠯᠠᠯᠲᠠ ᠬᠢᠬᠦ ᠪᠠᠷ ᠳᠡᠮᠵᠢᠨ᠂ ᠬᠤᠰᠢᠭᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠶᠢᠨ ᠬᠡᠪᠴᠢᠶ᠎ᠡ ᠵᠢᠴᠢ ᠳᠡᠭᠡᠳᠦ ᠱᠠᠲᠤᠨ ᠤ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ | ᠳᠠᠭᠠᠯ ᠲᠠᠰ ᠢ ᠳᠡᠭᠡᠭᠰᠢᠯᠡᠭᠦᠯᠬᠦ᠂ ᠪᠠᠭᠤᠷᠠᠭᠤᠯᠬᠤ ᠪᠠ ᠳᠠᠭᠤᠰᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠤᠨ ᠪᠤᠰᠤᠳᠴᠢ᠂ ᠣᠨᠣᠪᠴᠢᠲᠠᠶ᠂ ᠴᠠᠭ ᠲᠤᠬᠠᠶ ᠳᠤᠨᠢ ᠶᠠᠪᠤᠭᠳᠠᠬᠤ ᠶᠢ ᠪᠠᠲᠤᠯᠬᠠᠤ ᠬᠡᠷᠡᠭᠲᠡᠢ᠃ | ᠤᠤᠯ ᠵᠣᠬᠢᠶᠠᠯ ᠢ ᠳᠠᠭᠠᠯᠳᠤᠭᠤᠯᠪᠠ᠄ ︽ᠠᠷᠤ ᠬᠤᠷᠴᠢᠨ ᠬᠤᠰᠢᠭᠤᠨ ᠤ ᠸᠠᠺᠼᠢᠨ ᠡᠮ ᠤᠨ ᠵᠦᠢᠯ ᠤᠨ | ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ | | |