ᠠᠷᠤ ᠬᠤᠷᠴᠢᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠢᠳᠡᠰᠢᠨ ᠨᠣᠭᠤᠭ᠎ᠠ ᠶᠢᠨ ᠠᠮᠤᠷ ᠲᠦᠪᠰᠢᠨ ᠢ ᠪᠦᠬᠦ  ᠬᠦᠴᠦᠨ ᠢᠶᠠᠷ ᠢᠶᠠᠨ ᠪᠠᠲᠤᠯᠠᠵᠤ ᠪᠣᠢ
ᠨᠡᠶᠢᠲᠡᠯᠡᠭᠰᠡᠨ ᠴᠠᠭ᠄
2021/11/16
     ᠠᠷᠤ ᠬᠤᠷᠴᠢᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠢᠳᠡᠰᠢᠨ ᠨᠣᠭᠤᠭ᠎ᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠬᠠᠤ ᠶᠢᠨ ᠲᠦᠯᠦᠭᠡ ᠢᠳᠡᠰᠢᠨ ᠨᠣᠭᠤᠭ᠎ᠠ ᠵᠢᠮᠢᠰ ᠳᠠᠷᠢᠬᠤ ᠰᠠᠭᠤᠷᠢᠨ ᠭᠠᠵᠠᠷ ᠲᠤ ᠲᠠᠷᠢᠶᠠᠯᠠᠩ ᠤᠨ ᠪᠦᠲᠦᠭᠡᠭᠳᠡᠬᠦᠨ ᠢ ᠲᠣᠭᠤᠷᠢᠨ ᠪᠠᠶᠢᠴᠠᠭᠠᠵᠤ ᠥᠯᠢᠭᠡᠷ ᠠᠪᠴᠤ ᠪᠠᠶᠢᠴᠠᠭᠠᠨ ᠬᠡᠮᠵᠢᠬᠦ ᠠᠵᠢᠯ ᠢ ᠦᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠳᠤ ᠬᠤᠰᠢᠭᠤ᠂ ᠰᠣᠮᠣ ᠰᠢᠶᠠᠩ ᠬᠤᠶᠠᠷ ᠱᠠᠲᠤᠨ ᠤ ᠬᠢᠨᠠᠨ ᠬᠠᠮᠢᠶᠠᠷᠬᠤ ᠠᠵᠢᠯᠲᠠᠨ ᠤ ᠨᠢᠭᠲᠠ ᠬᠠᠮᠵᠢᠯᠴᠠᠭ᠎ᠠ ᠳᠣᠤᠷ᠎ᠠ᠂ ᠨᠡᠶᠢᠲᠡ 5 ᠲᠠᠷᠢᠮᠠᠯ ᠤᠨ ᠰᠠᠭᠤᠷᠢᠨ ᠭᠠᠵᠠᠷ᠂ 8 ᠢᠳᠡᠰᠢᠨ ᠨᠣᠭᠤᠭ᠎ᠠ ᠶᠢᠨ ᠲᠥᠷᠥᠯ ᠵᠦᠢᠯ ᠳᠤ ᠲᠠᠷᠢᠶᠠᠨ ᠡᠮ ᠤᠨ ᠦᠯᠡᠳᠡᠭᠳᠡᠯ ᠤᠨ ᠴᠢᠨᠠᠷ ᠤᠨ ᠰᠢᠯᠭᠠᠨ ᠪᠠᠶᠢᠴᠠᠭᠠᠯᠲᠠ ᠶᠢ 36 ᠵᠦᠢᠯ ᠤᠳᠠᠭ᠎ᠠ ᠪᠠᠶᠢᠴᠠᠭᠠᠵᠤ᠂ ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠴᠡᠶ᠃ ᠲᠣᠰ ᠤᠳᠠᠭᠠᠨ ᠤ ᠪᠠᠶᠢᠴᠠᠭᠠᠯᠲᠠ ᠶᠢᠨ ᠭᠤᠤᠯᠳᠠᠯᠭ᠎ᠠ ᠳᠤ ᠲᠠᠷᠢᠶᠠᠯᠠᠩ ᠳᠤ ᠣᠷᠣᠭᠤᠯᠬᠤ ᠡᠳ᠋ ᠢ ᠵᠦᠶ ᠵᠣᠬᠢᠰᠲᠠᠶ ᠬᠡᠷᠡᠭᠯᠡᠭᠰᠡᠨ ᠪᠠᠶᠢᠳᠠᠯ᠂ ᠲᠠᠷᠢᠶᠠᠨ ᠡᠮ ᠤᠨ ᠠᠯᠤᠰᠯᠠᠬᠤ ᠬᠤᠭᠤᠴᠠᠭ᠎ᠠ ᠶᠢ ᠵᠢᠷᠤᠮᠯᠠᠭᠰᠠᠨ ᠪᠠᠶᠢᠳᠠᠯ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠢ ᠪᠢᠴᠢᠵᠦ ᠥᠭᠭᠦᠭᠰᠡᠨ ᠵᠡᠷᠭᠡ ᠪᠠᠶᠢᠳᠠᠯ ᠪᠠᠭᠲᠠᠨ᠎ᠠ᠃ ᠦᠢᠯᠡᠳᠪᠦᠷᠢᠯᠡᠯ ᠤᠨ ᠭᠤᠤᠯ ᠴᠣᠭᠴᠠ ᠳᠤ ᠣᠷᠣᠰᠢᠵᠤ ᠪᠠᠶᠢᠭ᠎ᠠ ᠦᠢᠯᠡᠳᠪᠦᠷᠢᠯᠡᠯ ᠤᠨ ᠲᠠᠩᠰᠠ ᠡᠪᠬᠡᠮᠡᠯ ᠤᠨ ᠲᠡᠮᠳᠡᠭᠯᠡᠯ ᠵᠢᠷᠤᠮᠵᠢᠯ ᠥᠬᠡᠶ ᠪᠠᠶᠢᠬᠤ ᠵᠡᠷᠭᠡ ᠦᠵᠡᠭᠳᠡᠯ ᠳᠤ ᠴᠢᠭᠯᠡᠭᠦᠯᠦᠨ᠂ ᠬᠢᠨᠠᠨ ᠬᠠᠮᠢᠶᠠᠷᠬᠤ ᠠᠵᠢᠯᠲᠠᠨ ᠠᠴᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃  
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号