ᠠᠷᠤ ᠬᠤᠷᠴᠢᠨ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠴᠡᠪᠡᠷ | ᠲᠤᠩᠭᠠᠯᠠᠭ ᠭᠤᠤᠯ ᠮᠦᠷᠡᠨ ᠨᠠᠭᠤᠷ ᠴᠦᠭᠦᠷᠦᠮ ᠢ ᠴᠣᠭᠴᠠᠯᠠᠵᠤ ᠪᠣᠢ᠃ ᠨᠢᠭᠡ ᠳᠤ᠂ ᠭᠤᠣᠯ ᠮᠥᠷᠡᠨ ᠨᠠᠭᠤᠷ | ᠴᠥᠭᠦᠷᠥᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠭᠤᠣᠯ | ᠮᠦᠷᠡᠨ ᠨᠠᠭᠤᠷ ᠴᠦᠭᠦᠷᠦᠮ ᠤᠨ ᠠᠵᠢᠯ ᠢ ᠬᠠᠷᠢᠭᠤᠴᠠᠬᠤ ᠳᠠᠷᠤᠭ᠎ᠠ ᠶᠢ ᠨᠡᠶᠢᠲᠡ 329 ᠲᠣᠬᠢᠷᠠᠭᠤᠯᠵᠤ᠂ ᠭᠤᠣᠯ | ᠮᠦᠷᠡᠨ ᠨᠠᠭᠤᠷ ᠴᠦᠬᠦᠷᠦᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠨᠢ ᠵᠣᠬᠢᠶᠠᠨ | ᠪᠠᠶᠢᠭᠤᠯᠵᠤ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠱᠠᠲᠤᠨ ᠤ ᠭᠤᠣᠯ ᠮᠥᠷᠡᠨ ᠨᠠᠭᠤᠷ | ᠴᠥᠭᠦᠷᠥᠮ ᠤᠨ ᠠᠵᠢᠯ ᠢ ᠬᠠᠷᠢᠭᠤᠴᠠᠬᠤ ᠳᠠᠷᠤᠭ᠎ᠠ ᠶᠢ ᠵᠣᠬᠢᠴᠠᠭᠤᠯᠤᠨ ᠱᠠᠭᠠᠷᠳᠠᠵᠤ ᠪᠠᠶᠢᠭᠠᠳ ᠭᠤᠣᠯ ᠮᠥᠷᠡᠨ ᠢ | ᠲᠣᠭᠤᠷᠢᠨ ᠪᠠᠶᠢᠴᠠᠭᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠵᠦ᠂ ᠣᠳᠣ ᠪᠣᠯᠲᠠᠯ᠎ᠠ ᠬᠤᠰᠢᠭᠤ᠂ ᠰᠣᠮᠣ | ᠰᠢᠶᠠᠩ᠂ ᠭᠠᠴᠠᠭ᠎ᠠ ᠲᠣᠰᠬᠤᠨ ᠭᠤᠷᠪᠠᠨ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠠᠵᠢᠯ ᠢ | ᠬᠠᠷᠢᠭᠤᠴᠠᠬᠤ ᠳᠠᠷᠤᠭ᠎ᠠ ᠨᠡᠶᠢᠲᠡ 3000 ᠭᠠᠷᠤᠶ ᠤᠳᠠᠭ᠎ᠠ ᠭᠤᠣᠯ ᠮᠥᠷᠡᠨ ᠨᠠᠭᠤᠷ ᠴᠦᠬᠦᠷᠦᠮ ᠢ ᠲᠣᠭᠤᠷᠢᠨ | ᠪᠠᠶᠢᠴᠠᠭᠠᠭᠰᠠᠨ ᠪᠠᠶᠢᠨ᠎ᠠ᠃ ᠬᠤᠶᠠᠷ ᠲᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ | ᠳᠤᠷ᠎ᠠ ᠪᠠᠷ ᠢᠶᠠᠨ ᠪᠠᠶᠢᠬᠤ ᠶᠢ ᠠᠷᠢᠯᠭᠠᠬᠤ︾ ᠠᠵᠢᠯ ᠢ ᠪᠠᠶᠢᠩᠭᠤᠵᠢᠭᠤᠯᠤᠨ ᠦᠷᠨᠢᠭᠦᠯᠪᠡ᠃ ︽ᠳᠥᠷᠪᠡᠨ | ᠳᠤᠷ᠎ᠠ ᠪᠠᠷ ᠢᠶᠠᠨ︾ ᠪᠠᠶᠢᠬᠤ ᠠᠰᠠᠭᠤᠳᠠᠯ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ 2021 ᠣᠨ ᠳᠤ | ᠭᠤᠤᠯ ᠤᠨ ᠭᠤᠯᠳᠤᠷᠢᠯ ᠤᠨ ᠬᠤᠭ ᠨᠣᠪᠰᠢ ᠶᠢ ᠨᠡᠶᠢᠲᠡ 242 ᠲᠣᠨ ᠴᠡᠪᠡᠷᠯᠡᠵᠦ᠂ ᠭᠤᠤᠯ ᠤᠨ ᠭᠤᠯᠳᠤᠷᠢᠯ ᠤᠨ | ᠡᠯᠡᠰᠦ ᠶᠢ ᠬᠠᠤᠯᠢ ᠪᠤᠰᠤ ᠪᠠᠷ ᠮᠠᠯᠲᠠᠭᠰᠠᠨ 1 ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠭᠤᠷᠪᠠ ᠳᠤ᠂ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠪᠠ᠃ ᠡᠳᠦᠷ ᠲᠤᠳᠤᠮ ᠤᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ | ᠪᠠᠶᠢᠴᠠᠭᠠᠯᠲᠠ ᠶᠢ ᠥᠷᠨᠢᠭᠦᠯᠵᠦ᠂ ᠰᠠᠪᠠ ᠭᠠᠵᠠᠷ ᠤᠨ ᠬᠠᠮᠠᠭᠠᠯᠠᠯᠲᠠ ᠶᠢᠨ ᠬᠡᠪᠴᠢᠶᠡᠨ ᠳᠠᠬᠢ ᠤᠰᠤᠨ ᠣᠷᠣᠨ ᠤ | ᠡᠷᠭᠢ ᠶᠢᠨ ᠱᠤᠭᠤᠮ ᠢ ᠬᠠᠤᠯᠢ ᠪᠤᠰᠤ ᠪᠠᠷ ᠡᠵᠡᠯᠡᠭᠰᠡᠨ᠂ ᠳᠤᠷ᠎ᠠ ᠪᠠᠷ ᠢᠶᠠᠨ ᠤᠰᠤ ᠲᠠᠲᠠᠵᠤ ᠪᠣᠬᠢᠷᠲᠤᠯ ᠢ | ᠭᠠᠳᠠᠭᠰᠢᠯᠠᠭᠤᠯᠤᠭᠰᠠᠨ ᠵᠡᠷᠭᠡ ᠭᠤᠣᠯ ᠤᠨ ᠭᠤᠯᠳᠤᠷᠢᠯ ᠤᠨ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠭᠰᠡᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠤᠳᠠᠭ᠎ᠠ ᠴᠣᠬᠢᠯᠲᠠ | ᠦᠭᠴᠦ᠂ ᠨᠡᠶᠢᠳᠡᠮ ᠰᠡᠷᠡᠮᠵᠢᠯᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠪᠠ᠃ | |