ᠠᠷᠤ ᠬᠤᠷᠴᠢᠨ ᠬᠤᠰᠢᠭᠤ ︽ᠭᠤᠷᠪᠠ ᠶᠢ ᠴᠢᠩᠭᠠᠳᠬᠠᠵᠤ︾᠂ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠪᠣᠢ᠃ ᠨᠢᠭᠡ ᠳᠤ᠂ ᠲᠠᠷᠢᠶᠠᠯᠠᠩ ᠳᠤ ᠬᠡᠷᠡᠭᠯᠡᠬᠦ | ᠤᠰᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ | ᠬᠤᠳᠳᠤᠭ ᠤᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ | ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠲᠠᠷᠢᠶᠠᠯᠠᠩ ᠤᠨ ᠤᠰᠤ | ᠲᠠᠲᠠᠬᠤ ᠵᠥᠪᠰᠢᠶᠡᠷᠡᠯ ᠢ ᠠᠯᠬᠤᠮ ᠠᠯᠬᠤᠮ ᠢᠶᠠᠷ ᠬᠢᠨᠠᠨ ᠣᠯᠭᠤᠵᠤ ᠪᠣᠢ᠃ ᠬᠡᠮᠵᠢᠯᠲᠡ ᠶᠢᠨ ᠬᠢᠨᠠᠨ ᠬᠡᠮᠵᠢᠯᠲᠡ ᠶᠢ | ᠲᠡᠭᠦᠯᠳᠡᠷᠵᠢᠭᠦᠯᠵᠦ᠂ ᠪᠠᠷᠠᠭᠤᠨ ᠯᠢᠶᠣᠤ ᠾᠧ ᠭᠤᠤᠯ ᠤᠨ ᠤᠰᠤ ᠶᠢ ᠬᠡᠮᠵᠢᠬᠦ ᠳᠤ 116 ᠢᠵᠢ ︽ᠴᠠᠬᠢᠯᠭᠠᠨ ᠢᠶᠠᠷ | ᠤᠰᠤ ᠶᠢ ᠨᠤᠭᠤᠯᠵᠤ ᠪᠤᠳᠤᠬᠤ︾ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠵᠤ ᠳᠠᠭᠤᠰᠬᠠᠭᠠᠳ᠂ | ︽ᠴᠠᠬᠢᠯᠭᠠᠨ ᠢᠶᠠᠷ ᠤᠰᠤ ᠶᠢ ᠨᠤᠭᠤᠯᠵᠤ ᠪᠣᠳᠤᠬᠤ︾ ᠢᠯᠡᠳᠬᠡᠮᠵᠢ ᠶᠢᠨ ᠨᠣᠷᠮ᠎ᠠ ᠶᠢ ᠲᠣᠭᠲᠠᠭᠠᠬᠤ ᠳᠤ | ᠲᠤᠯᠭᠠᠭᠤᠷᠢᠯᠠᠯ ᠬᠠᠩᠭᠠᠪᠠ᠃ ᠬᠤᠶᠠᠷ ᠲᠤ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠤᠰᠤᠨ ᠤ ᠬᠤᠷᠣᠭᠳᠠᠯ ᠤᠨ ᠬᠤᠤᠰ ᠡᠵᠡᠮᠳᠡᠯ ᠤᠨ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠤᠰᠤ | ᠠᠷᠪᠢᠯᠠᠬᠤ ᠠᠷᠭ᠎ᠠ ᠬᠡᠮᠵᠢᠶ᠎ᠡ᠂ ᠤᠰᠤ ᠠᠷᠪᠢᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠰᠤᠨ ᠤ ᠡᠬᠢ | ᠰᠤᠷᠪᠤᠯᠵᠢ ᠶᠢ ᠰᠣᠯᠢᠬᠤ ᠵᠡᠷᠭᠡ ᠲᠠᠯ᠎ᠠ ᠶᠢᠨ ᠭᠤᠤᠯ ᠡᠭᠦᠷᠭᠡ ᠶᠢ ᠲᠣᠳᠣᠷᠬᠠᠶᠢᠯᠠᠵᠤ᠂ ᠭᠤᠤᠯᠳᠠᠯᠭ᠎ᠠ ᠲᠠᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠪᠠ | ᠃ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠲᠠᠲᠠᠬᠤ | ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠬᠤ ᠨᠣᠷᠮ᠎ᠠ 100% ᠳᠤ ᠬᠦᠷᠴᠦ᠂ ᠤᠰᠤ ᠬᠡᠷᠡᠭᠯᠡᠬᠦ | ᠲᠥᠯᠥᠪᠯᠡᠭᠡ ᠶᠢ ᠤᠯᠠᠮᠵᠢᠯᠠᠨ ᠪᠠᠭᠤᠯᠭᠠᠭᠰᠠᠨ ᠨᠣᠷᠮ᠎ᠠ 100% ᠳᠤ ᠬᠥᠷᠪᠡ᠃ ᠭᠤᠷᠪᠠ ᠳᠤ᠂ ᠤᠰᠤ ᠲᠠᠲᠠᠵᠤ | ᠤᠰᠤ ᠬᠡᠷᠡᠭᠯᠡᠬᠦ ᠶᠢ ᠬᠢᠨᠠᠨ ᠬᠠᠮᠢᠶᠠᠷᠬᠤ ᠪᠠᠨ ᠴᠢᠩᠭᠠᠳᠬᠠᠪᠠ᠃ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠰᠤᠮᠤ ᠰᠢᠶᠠᠩ | ᠪᠠᠯᠭᠠᠰᠤ ᠶᠢ ᠱᠠᠭᠠᠷᠳᠠᠨ ᠵᠢᠯᠣᠭᠤᠳᠴᠤ ᠪᠠᠶᠢᠭᠠᠳ ᠤᠰᠤ ᠲᠠᠲᠠᠬᠤ ᠠᠮᠠᠰᠠᠷ ᠢ ᠴᠡᠭᠴᠡᠯᠡᠨ ᠵᠠᠰᠠᠬᠤ ᠡᠬᠡ | ᠲᠠᠩᠰᠠ ᠶᠢᠨ ᠪᠠᠶᠢᠭᠤᠯᠤᠯᠲᠠ ᠶᠢ ᠪᠡᠶᠡᠯᠡᠭᠦᠯᠪᠡ᠃ ᠲᠠᠷᠢᠶᠠᠯᠠᠩ ᠳᠤ ᠬᠡᠷᠡᠭᠯᠡᠬᠦ ᠤᠰᠤᠨ ᠤ ᠬᠤᠭᠤᠯᠠᠶ ᠶᠢ ᠡᠵᠡᠮᠳᠡᠬᠦ | ᠭᠦᠢᠴᠡᠳᠬᠡᠯ ᠲᠤᠭ᠎ᠠ ᠶᠢ ᠬᠢᠨᠠᠨ ᠣᠯᠭᠤᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠳᠤ ᠬᠡᠷᠡᠭᠯᠡᠬᠦ ᠤᠰᠤᠨ ᠤ ᠤᠰᠤ | ᠲᠠᠲᠠᠬᠤ ᠵᠥᠪᠰᠢᠶᠡᠷᠡᠯ ᠢ ᠬᠢᠨᠠᠨ ᠣᠯᠭᠤᠬᠤ ᠠᠵᠢᠯ ᠢ ᠪᠥᠬᠦ ᠲᠠᠯ᠎ᠠ ᠪᠠᠷ ᠠᠬᠢᠭᠤᠯᠪᠠ᠃ |