ᠢᠦᠶ ᠸᠧᠶ ᠳ᠋ᠦᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/17
       11 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠶ ᠸᠧᠶ ᠳ᠋ᠦᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠭᠤᠰᠤᠯᠴᠠᠭᠤᠯᠬᠤ ᠶᠢ ᠴᠢᠬᠤᠯᠠᠴᠢᠯᠠᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
       ᠠᠷᠤ ᠬᠤᠷᠴᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠲᠢᠶᠠᠨ ᠶᠤᠸᠠᠨ ᠪᠡᠶ᠎ᠡ ᠶᠢᠨ ᠲᠠᠮᠢᠷ ᠤᠨ ᠣᠷᠳᠣᠨ ᠪᠠ ᠮᠦᠽᠧᠶ ᠳᠤ᠂ ᠢᠦᠶ ᠸᠧᠶ ᠳ᠋ᠦᠩ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠬᠡᠷᠡᠭᠯᠡᠯᠲᠡ ᠵᠢᠴᠢ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠪᠦᠭᠦ ᠬᠤᠰᠢᠭᠤᠨ ᠤ ᠰᠣᠶᠣᠯ ᠲᠠᠮᠢᠷ ᠤᠨ ᠬᠥᠳᠡᠯᠭᠡᠭᠡᠨ ᠤ ᠲᠠᠯᠠᠪᠤᠷ ᠤᠨ ᠲᠥᠬᠦᠭᠡᠷᠦᠮᠵᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠭᠦ ᠬᠤᠰᠢᠭᠤᠨ ᠤ ᠰᠣᠶᠣᠯ ᠲᠠᠮᠢᠷ ᠤᠨ ᠦᠢᠯᠡᠰ ᠤᠨ ᠥᠷᠨᠢᠭᠦᠨ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠳᠠᠯᠳᠠ ᠬᠦᠴᠦᠨ ᠢ ᠴᠢᠨᠠᠭᠰᠢᠳᠠ ᠠᠭᠤᠳᠠᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠦᠬᠦᠪᠦᠷᠢᠯᠡᠨ᠂ ᠣᠯᠠᠨ ᠲᠦᠮᠡᠨ ᠳᠤ ᠨᠠᠩ ᠣᠯᠠᠨ ᠲᠦᠷᠦᠯ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠ ᠰᠡᠯᠡᠭᠦᠴᠡᠯ ᠵᠤᠭ᠎ᠠ ᠴᠡᠩᠭᠡᠯ ᠤᠨ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠶᠢ ᠬᠠᠩᠭᠠᠨ᠂ ᠪᠥᠬᠦ ᠬᠤᠰᠢᠭᠤᠨ ᠤ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠮᠦᠽᠧᠶ ᠨᠢ ᠰᠤᠷᠭᠠᠨ ᠬᠥᠮᠦᠵᠢᠯ᠂ ᠬᠤᠷᠢᠶᠠᠨ ᠬᠠᠳᠠᠭᠠᠯᠠᠬᠤ᠂ ᠰᠤᠳᠤᠯᠬᠤ᠂ ᠳᠡᠯᠭᠡᠨ ᠦᠵᠡᠭᠦᠯᠬᠦ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠮᠦᠽᠧᠶ ᠶᠢᠨ ᠬᠠᠳᠠᠭᠠᠯᠠᠮᠵᠢ ᠪᠣᠯᠤᠨ ᠳᠡᠯᠭᠡᠨ ᠦᠵᠡᠭᠦᠯᠬᠦ ᠠᠭᠤᠯᠭ᠎ᠠ ᠪᠠᠨ ᠲᠠᠰᠤᠷᠠᠯᠲᠠ ᠤᠢᠭᠡᠢ  ᠪᠠᠶᠠᠯᠢᠭᠵᠢᠭᠤᠯᠤᠨ᠂ ᠪᠦᠬᠦ ᠬᠤᠰᠢᠭᠤᠨ ᠤ ᠣᠨᠴᠠᠯᠢᠭ ᠪᠦᠬᠦᠢ ᠰᠣᠶᠣᠯ ᠤᠨ ᠬᠦᠴᠦᠨ ᠵᠦᠢᠯ ᠢ ᠭᠦᠨᠵᠡᠭᠡᠶ ᠠᠭᠤᠳᠠᠯᠬᠤ ᠪᠠᠷ ᠳᠠᠮᠵᠢᠭᠤᠯᠤᠨ᠂ ᠲᠡᠦᠬᠡ ᠶᠢ ᠠᠮᠢᠯᠠᠭᠤᠯᠤᠨ᠂ ᠰᠣᠶᠣᠯ ᠢ ᠠᠮᠢᠯᠠᠭᠤᠯᠵᠤ᠂ ᠣᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠶ ᠭᠡᠵᠡᠢ᠃
       ᠬᠤᠰᠢᠭᠤᠨ ᠤᠯᠠᠭᠠᠨᠮᠥ᠋ᠴᠢᠷ ᠲᠤ᠂ ᠢᠦᠶ ᠸᠧᠶ ᠳ᠋ᠦᠩ ᠨᠡᠷ ᠭᠡᠰᠢᠭᠦᠳ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠰᠣᠨᠢᠷᠬᠠᠵᠤ᠂ ᠤᠯᠠᠭᠠᠨᠮᠥ᠋ᠴᠢᠷ ᠤᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠣᠲᠠᠯᠠᠨ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠢᠯᠠᠩᠭᠤᠶ᠎ᠠ ᠤᠯᠠᠭᠠᠨᠮᠥ᠋ᠴᠢᠷ ᠤᠨ ᠭᠡᠰᠢᠭᠦᠳ ᠣᠯᠠᠨ ᠲᠦᠮᠡᠨ ᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠰᠣᠶᠣᠯ ᠤᠨ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ ᠲᠡᠷᠡ ᠪᠠᠰᠠ᠂ ᠤᠯᠠᠭᠠᠨᠮᠥ᠋ᠴᠢᠷ ᠤᠨ ᠭᠡᠰᠢᠭᠦᠳ ᠢ ᠶᠡᠷᠦᠩᠬᠡᠶ ᠱᠦᠵᠢ ᠶᠢᠨ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠨᠠᠮ ᠢᠶᠠᠨ ᠮᠠᠭᠲᠠᠨ ᠳᠠᠭᠤᠯᠠᠭᠰᠠᠨ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ᠂ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ ᠰᠣᠳᠣᠨ ᠪᠦᠲᠦᠭᠡᠯ ᠢ ᠲᠠᠰᠤᠷᠠᠯᠲᠠ ᠥᠬᠡᠶ ᠵᠣᠬᠢᠶᠠᠨ ᠪᠦᠲᠦᠭᠡᠵᠦ᠂ ᠢᠳᠡᠪᠬᠢ ᠬᠦᠴᠦᠨ ᠢᠶᠠᠷ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ︽ᠭᠤᠤᠯ ᠵᠢᠭᠰᠠᠭᠠᠯ ᠤᠨ ᠭᠠᠵᠠᠷ ︾ ᠢ ᠪᠠᠲᠤ ᠡᠵᠡᠯᠡᠬᠦ ᠬᠡᠷᠡᠭᠲᠡᠶ ᠭᠡᠵᠦ ᠱᠠᠭᠠᠷᠳᠠᠪᠠ᠃
       ᠲᠡᠮᠦᠷ᠎ᠡ᠂ ᠭᠦᠸᠧ ᠹᠧᠩ᠂ ᠯᠢᠦ ᡁᠢ ᠾᠦᠢ ᠪᠣᠯᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠬᠤ᠋ ᠵᠢᠩ ᠶᠤᠸᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号