11 ᠰᠠᠷ᠎ᠠ ᠶᠢᠨ 16 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠬᠠᠮᠲᠤᠷᠠᠨ ᠪᠥᠬᠦ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠨ᠂ ᠬᠤᠭᠤᠴᠠᠭ᠎ᠠ ᠰᠣᠯᠢᠬᠤ | ᠠᠵᠢᠯ ᠤᠨ ᠬᠡᠪ ᠰᠤᠷᠲᠠᠯ ᠢ ᠴᠡᠪᠡᠷᠰᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠡᠯ᠎ᠡ | ᠲᠥᠷᠥᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠡᠯ᠎ᠡ ᠲᠥᠷᠥᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠳᠤ ᠪᠠᠳᠤᠯᠠᠭ᠎ᠠ ᠬᠠᠩᠭᠠᠪᠠ᠃ | | | | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠸᠠᠩ ᠰᠢᠨ ᠾᠦᠢ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠢᠨ | ᠪᠦᠦ᠂ ᠬᠤᠰᠢᠭᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ᠬᠤᠷᠢᠶᠠᠨ ᠤ ᠱᠦᠵᠢ᠂ ᠬᠤᠰᠢᠭᠤᠨ ᠰᠢᠭᠤᠳ | ᠬᠠᠷᠢᠶ᠎ᠠ ᠡᠯ᠎ᠡ ᠰᠢᠰᠲ᠋ᠧᠮ ᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠣᠯᠠᠨ ᠲᠦᠮᠡᠨ ᠤ ᠪᠦᠯᠬᠦᠮ ᠤᠨ ᠭᠤᠤᠯ ᠬᠠᠷᠢᠭᠤᠴᠠᠯᠭᠠᠲᠠᠨ᠂ ᠪᠥᠬᠦ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠡᠭ | ᠪᠦᠷᠢᠯᠳᠦᠬᠦᠨ ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ᠣᠷᠣᠨ ᠬᠤᠲᠠ ᠬᠤᠶᠠᠷ ᠱᠠᠲᠤᠨ ᠤ ᠬᠤᠭᠤᠴᠠᠭ᠎ᠠ ᠰᠣᠯᠢᠬᠤ ᠬᠡᠪ ᠰᠤᠷᠲᠠᠯ ᠳᠤ | ᠬᠢᠨᠠᠯᠲᠠ ᠲᠠᠯᠪᠢᠬᠤ ᠶᠢ ᠴᠢᠩᠭᠠᠳᠬᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | | | | ᠸᠠᠩ ᠰᠢᠨ ᠾᠦᠢ ᠵᠢᠭᠠᠬᠤ ᠳᠠᠭᠠᠨ᠂ ᠲᠣᠰ ᠤᠳᠠᠭᠠᠨ ᠤ ᠪᠥᠬᠦ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠨᠢ ᠶᠠᠭ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠵᠢᠴᠢ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠡᠬᠢᠯᠡᠯᠲᠡ ᠶᠢᠨ ᠵᠠᠩᠭᠢᠯᠠᠭ᠎ᠠ ᠶᠢᠨ ᠵᠢᠯ ᠪᠣᠯᠤᠨ᠎ᠠ᠃ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ | ᠰᠣᠯᠢᠬᠤ ᠠᠵᠢᠯ ᠤᠨ ᠲᠦᠷᠦ ᠶᠢᠨ ᠪᠤᠳᠤᠯᠭ᠎ᠠ ᠲᠣᠭᠲᠠᠭᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ | ᠬᠢᠨᠠᠮᠠᠭᠠᠢ ᠤᠢᠢᠯᠠᠭᠠᠨ᠂ ᠣᠨᠣᠪᠴᠢᠲᠠᠢ ᠡᠵᠡᠮᠰᠢᠵᠦ᠂ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠵᠢᠱᠢᠭᠳᠡᠭᠴᠢ ᠶᠢᠨ ᠪᠠᠷᠢᠮᠵᠢᠶ᠎ᠠ ᠪᠠ ᠨᠥᠬᠦᠴᠡᠯ ᠢ ᠴᠢᠩᠳᠠᠯᠠᠵᠤ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠤᠯᠤᠰ ᠲᠦᠷᠦ ᠶᠢᠨ ᠪᠣᠭᠤᠮᠲᠠ᠂ ᠬᠡᠪ ᠴᠢᠨᠠᠷ ᠤᠨ ᠪᠣᠭᠤᠮᠲᠠ᠂ | ᠪᠦᠲᠦᠴᠡ ᠶᠢᠨ ᠪᠣᠭᠤᠮᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠵᠢᠱᠢᠭᠳᠡᠭᠴᠢ ᠶᠢᠨ ᠪᠦᠲᠦᠴᠡ ᠶᠢ | ᠵᠣᠬᠢᠰᠲᠠᠢ ᠲᠤᠬᠢᠷᠠᠭᠤᠯᠵᠤ᠂ ᠠᠵᠢᠯ ᠤᠨ ᠲᠡᠰ ᠳᠠᠷᠠᠭᠠᠯᠠᠯ ᠢ ᠴᠢᠩᠳᠠᠯᠠᠵᠤ᠂ ᠭᠤᠭᠴᠤᠭ᠎ᠠ ᠨᠢᠭᠡᠪᠦᠷᠢ᠂ ᠠᠯᠬᠤᠮ | ᠪᠦᠷᠢ ᠶᠢ ᠦᠯᠦ ᠤᠷᠬᠢᠭᠳᠠᠭᠤᠯᠤᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ | ᠪᠣᠯᠤᠨ ᠲᠡᠦᠬᠡᠨ ᠡᠭᠦᠷᠭᠡᠲᠦ ᠪᠤᠳᠤᠯ ᠢᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢᠶᠠᠨ | ᠨᠠᠷᠢᠯᠢᠬᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ | ᠭᠡᠵᠡᠢ᠃ | ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ︽ᠰᠡᠷᠡᠮᠵᠢᠯᠡᠭᠦᠯᠬᠦ ᠬᠥᠮᠦᠵᠢᠯ ᠤᠨ ᠹᠢᠯᠢᠮ︾ ᠢ | ᠬᠠᠮᠲᠤ ᠪᠠᠷ ᠰᠣᠨᠢᠷᠬᠠᠪᠠ᠃ ︵ᠭᠤᠤ ᠶᠤᠸᠠᠨ ᠶᠤᠸᠠᠨ︶ |