11 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠶ ᠸᠧᠶ | ᠳ᠋ᠦᠩ ᠬᠤᠰᠢᠭᠤᠨ ᠨᠠᠮ ᠤᠨ ᠬᠤᠷᠢᠶᠠᠨ ᠤ ᠣᠨᠣᠯ ᠤᠨ ᠭᠤᠤᠯᠠᠭᠴᠢ ᠳᠤᠭᠤᠶᠢᠯᠠᠩ ᠤᠨ ︵ᠥᠷᠭᠡᠳᠬᠡᠭᠰᠡᠨ︶ | ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠰᠢᠭᠤᠨ ᠳᠠᠷᠤᠭ᠎ᠠ ᠸᠧᠢ ᠪᠢᠯᠢᠭ ᠵᠡᠷᠭᠡ ᠬᠤᠰᠢᠭᠤᠨ ᠨᠠᠮ ᠤᠨ ᠬᠤᠷᠢᠶᠠᠨ ᠤ ᠣᠨᠣᠯ ᠤᠨ | ᠭᠤᠤᠯᠯᠠᠭᠴᠢ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠴᠧᠨ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠰᠤᠯᠠ | ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠥ᠂ ᠨᠢᠶᠧ ᠬᠠᠢ ᠮᠢᠩ᠂ ᠪᠠᠷᠰᠪᠠᠭᠠᠳᠤᠷ | ᠰᠤᠳᠤᠯᠤᠨ ᠶᠠᠷᠢᠯᠴᠠᠬᠤ ᠶᠠᠷᠢᠶ᠎ᠠ ᠬᠢᠪᠡ᠃ | | | | ᠬᠤᠷᠠᠯ ᠠᠴᠠ᠂ ᠶᠡᠷᠦᠩᠬᠡᠢ ᠱᠦᠵᠢ ᠶᠢᠨ ᠰᠢᠷᠢᠰ ᠴᠢᠬᠤᠯᠠ ᠥᠭᠦᠯᠡᠯᠲᠡ ᠨᠢ ᠴᠢᠳᠠᠪᠤᠷᠢᠲᠠᠨ ᠤ ᠠᠵᠢᠯ ᠢ | ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠂ ᠪᠢᠳᠡ | ᠡᠷᠬᠡᠪᠰᠢ ᠲᠤᠭ ᠲᠡᠮᠳᠡᠭ ᠲᠣᠳᠣᠷᠬᠠᠢ ᠪᠠᠷ ᠰᠠᠶᠢᠲᠤᠷ ᠰᠤᠷᠤᠯᠴᠠᠵᠤ᠂ ᠰᠠᠶᠢᠲᠤᠷ ᠲᠤᠭᠤᠰᠢᠯᠠᠭᠤᠯᠬᠤ ᠬᠡᠷᠡᠭᠲᠡᠢ᠃ | ᠣᠷᠣᠨ ᠲᠤᠭ᠎ᠠ ᠶᠢᠨ ᠡᠬᠢ ᠪᠠᠶᠠᠯᠢᠭ ᠢ ᠰᠠᠶᠢᠲᠤᠷ ᠠᠮᠢᠳᠤᠯᠢᠭ ᠬᠡᠷᠡᠭᠯᠡᠵᠦ᠂ ᠠᠵᠤ ᠦᠢᠯᠡᠰ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠢ ᠤᠶᠠᠨ ᠬᠠᠳᠠᠨ ᠢᠶᠠᠷ ᠣᠷᠣᠭᠤᠯᠤᠨ ᠠᠪᠴᠢᠷᠠᠬᠤ ᠶᠢ ᠳᠤᠪᠤᠶᠢᠯᠭᠠᠵᠤ | ᠂ ︽ᠴᠢᠳᠠᠪᠤᠷᠢᠲᠠᠨ ᠢ ᠣᠷᠣᠭᠤᠯᠤᠨ ᠴᠢᠳᠠᠪᠤᠷᠢᠲᠠᠨ ᠢ ᠴᠤᠭᠯᠠᠭᠤᠯᠬᠤ︾ ᠠᠵᠢᠯ ᠢ ᠶᠡᠭᠡ ᠪᠠᠷ ᠰᠠᠶᠢᠲᠤᠷ ᠬᠢᠬᠦ | ᠬᠡᠷᠡᠭᠲᠡᠢ᠃ ︽ᠴᠢᠳᠠᠪᠤᠷᠢᠲᠠᠨ ᠢ ᠬᠥᠮᠦᠵᠢᠭᠦᠯᠵᠦ ᠴᠢᠳᠠᠪᠤᠷᠢᠲᠠᠨ ᠢ ᠬᠥᠮᠦᠵᠢᠭᠦᠯᠬᠦ︾ ᠠᠵᠢᠯ ᠢ ᠶᠡᠭᠡ ᠪᠠᠷ ᠰᠠᠶᠢᠲᠤᠷ | ᠬᠢᠵᠦ᠂ ᠣᠷᠣᠨ ᠨᠤᠲᠤᠭ ᠤᠨ ᠢᠶᠠᠨ ᠰᠣᠳᠣᠨ ᠴᠢᠳᠠᠪᠤᠷᠢᠲᠠᠨ ᠢ ᠴᠤᠯᠭᠤᠷᠠᠭᠤᠯᠤᠨ᠂ ᠴᠢᠳᠠᠪᠤᠷᠢᠲᠠᠨ ᠢ ᠬᠦᠨᠳᠦᠳᠬᠡᠬᠦ | ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠵᠤ᠂ ︽ᠴᠢᠳᠠᠪᠤᠷᠢᠲᠠᠨ ᠢ ᠦᠯᠡᠳᠡᠭᠡᠵᠦ | ᠴᠢᠳᠠᠪᠤᠷᠢᠲᠠᠨ ᠢ ᠬᠡᠷᠡᠭᠯᠡᠬᠦ︾ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠠᠮᠢ ᠠᠬᠤᠢ ᠶᠢ ᠰᠢᠯᠢᠳᠡᠭᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | | | | ᠬᠤᠷᠠᠯ ᠠᠴᠠ ᠪᠦᠬᠦ ᠤᠯᠤᠰ ᠤᠨ ᠪᠣᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠤᠨ | ᠪᠣᠯᠪᠠᠰᠤᠷᠠᠯ ᠤᠨ ᠠᠩᠬᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠪᠦᠬᠦ ᠤᠯᠤᠰ ᠠᠴᠠ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠪᠣᠯ ᠮᠠᠨ ᠤ | ᠬᠤᠰᠢᠭᠤᠨ ᠤ ᠬᠠᠮᠤᠭ ᠴᠢᠬᠤᠯᠠ ᠴᠤᠭᠴᠠᠯᠠᠨ ᠪᠠᠶᠢᠭᠤᠯᠬᠤ ᠡᠭᠦᠷᠭᠡ ᠶᠢᠨ ᠨᠢᠭᠡ ᠪᠣᠯᠤᠨ᠎ᠠ᠂ ᠪᠦᠬᠦ | ᠬᠤᠰᠢᠭᠤ ᠪᠠᠷ ᠢᠶᠠᠨ ᠴᠠᠭ ᠢᠮᠠᠭᠲᠠ ᠲᠤᠯᠭᠠᠮ᠎ᠠ ᠰᠡᠳᠬᠢᠯᠭᠡ ᠲᠠᠢ ᠪᠠᠶᠢᠵᠤ᠂ ᠢᠲᠡᠭᠡᠯ ᠵᠣᠷᠢᠭ ᠢᠶᠠᠨ ᠬᠥᠪᠴᠢᠯᠡᠨ᠂ | ᠴᠢᠩᠭ᠎ᠠ ᠨᠠᠷᠢᠯᠢᠭ ᠲᠤᠭᠤᠰᠢᠲᠠᠢ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ | ᠡᠭᠦᠳᠦᠨ ᠪᠠᠶᠢᠭᠤᠯᠬᠤ ᠠᠵᠢᠯ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ | ᠠᠵᠢᠯ ᠤᠨ ᠬᠠᠷᠢᠭᠤᠴᠠᠯᠭ᠎ᠠ ᠨᠢᠭᠡᠪᠦᠷᠢ ᠶᠢ ᠪᠣᠳᠠᠲᠠᠶ ᠠᠵᠢᠯ ᠤᠨ ᠪᠠᠶᠢᠷᠢ᠂ ᠪᠣᠳᠠᠲᠠᠶ ᠬᠥᠮᠦᠰ ᠲᠤ | ᠨᠠᠶᠢᠳᠠᠪᠤᠷᠢᠵᠢᠭᠤᠯᠤᠨ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ | ᠱᠠᠲᠤᠨ ᠤ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠲᠦᠷᠦᠭᠦᠯᠡᠨ | ᠬᠡᠪ ᠳᠠᠭᠤᠷᠢᠶᠠᠯ ᠦᠵᠡᠭᠦᠯᠵᠦ᠂ ᠴᠤᠭᠴᠠᠯᠠᠨ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠶᠢ ᠬᠥᠲᠥᠯᠥᠨ | ᠵᠢᠯᠣᠭᠤᠳᠴᠤ ᠳᠠᠶᠢᠴᠢᠯᠠᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠤᠷᠤᠯᠴᠠᠭᠤᠯᠤᠨ᠂ ︽ | ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠴᠢᠷᠮᠠᠶᠢᠨ ᠡᠭᠦᠳᠬᠦ︾ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠬᠤᠷᠠᠯ ᠠᠴᠠ ᠣᠷᠣᠨ ᠬᠤᠲᠠ ᠬᠤᠶᠠᠷ ᠱᠠᠲᠤᠨ ᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠬᠤᠭᠤᠴᠠᠭ᠎ᠠ ᠰᠣᠯᠢᠬᠤ ᠬᠡᠪ | ᠰᠤᠷᠲᠠᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ | ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ᠃ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ | ᠬᠡᠪ ᠰᠤᠷᠲᠠᠯ ᠳᠤ ᠬᠢᠨᠠᠯᠲᠠ ᠲᠠᠯᠪᠢᠬᠤ ᠠᠵᠢᠯ ᠤᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ | ᠲᠣᠭᠤᠷᠢᠨ ᠢ ᠦᠨᠡᠨᠬᠦ ᠪᠣᠶ ᠪᠣᠯᠭᠠᠬᠤ ᠬᠡᠷᠡᠭᠲᠡᠶ ᠭᠡᠵᠡᠶ᠃ ᠪᠦᠬᠦ ᠶᠠᠪᠤᠴᠠ ᠳᠤ ᠴᠢᠩᠭ᠎ᠠ ᠬᠢᠨᠠᠯᠲᠠ ᠲᠠᠯᠪᠢᠬᠤ ᠶᠢ | ᠪᠠᠷᠢᠮᠳᠠᠯᠠᠨ᠂ ︽ᠤᠬᠳᠤ ᠠᠭᠤᠴᠢᠯᠠᠬᠤ ᠦᠭᠡᠢ︾ ᠪᠠᠶᠢᠬᠤ ᠰᠦᠷ ᠬᠦᠴᠦᠲᠦ ᠪᠠᠶᠢᠳᠠᠯ ᠢ ᠪᠠᠲᠤᠯᠠᠵᠤ᠂ ᠡᠪᠰᠡᠯ | ᠪᠦᠯᠦᠭ ᠪᠠᠶᠢᠭᠤᠯᠬᠤ᠂ ᠨᠠᠮ ᠰᠦᠯᠪᠡᠭᠡ ᠪᠠᠶᠢᠭᠤᠯᠵᠤ ᠬᠤᠪᠢ ᠶᠢᠨ ᠠᠰᠢᠭ ᠬᠥᠭᠡᠭᠡᠴᠡᠯᠳᠦᠬᠦ᠂ ᠠᠶᠢᠮᠠᠭ ᠪᠦᠯᠦᠭ | ᠪᠠᠶᠢᠭᠤᠯᠬᠤ᠂ ᠳᠣᠲᠣᠨᠣ ᠨᠠᠶᠢᠵᠢ ᠪᠠᠨ ᠬᠥᠮᠦᠵᠢᠭᠦᠯᠬᠦ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠥᠪᠡᠷ | ᠥᠪᠡᠷ ᠤᠨ ᠰᠠᠨᠠᠭ᠎ᠠ ᠪᠠᠷ ᠢᠶᠠᠨ ᠦᠢᠯᠡᠳᠬᠦ᠂ ᠠᠰᠲᠠᠭᠠᠨ ᠦᠢᠯᠡᠳᠬᠦ᠂ ᠢᠯᠡ ᠪᠠᠷ ᠲᠠᠭᠠᠵᠤ ᠳᠠᠯᠳᠠᠭᠤᠷ ᠵᠥᠷᠢᠴᠡᠬᠦ | ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠮᠡᠳᠡᠭᠡ ᠵᠠᠩᠭᠢ ᠳᠠᠮᠵᠢᠭᠤᠯᠬᠤ᠂ ᠨᠠᠶᠢᠷ ᠲᠠᠯ᠎ᠠ ᠬᠡᠯᠡᠵᠦ | ᠤᠷᠢᠳᠴᠢᠯᠠᠨ ᠮᠡᠳᠡᠭᠳᠡᠬᠦ ᠵᠡᠷᠭᠡ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠦᠨᠡᠨ ᠪᠣᠳᠠᠲᠠᠢ | ᠪᠤᠰᠤ ᠢᠯᠡᠴᠢᠯᠡᠯ ᠵᠠᠭᠠᠯᠳᠤᠯᠭ᠎ᠠ ᠶᠢ ᠲᠣᠳᠣᠷᠬᠠᠶᠢᠯᠠᠬᠤ ᠠᠵᠢᠯ ᠤᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ | ᠂ ᠭᠦᠳᠬᠡᠯ ᠬᠤᠣᠷᠯᠠᠯ ᠤᠨ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠬᠤᠭᠤᠴᠠᠭ᠎ᠠ ᠰᠣᠯᠢᠬᠤ | ᠬᠤᠭᠤᠴᠠᠭᠠᠨ ᠳᠤ ᠪᠤᠰᠤᠳ ᠢ ᠭᠦᠳᠬᠡᠨ ᠭᠦᠵᠢᠷᠯᠡᠭᠰᠡᠨ ᠪᠠᠶᠢᠪᠠᠯ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ | ᠰᠢᠢᠳᠬᠡᠨ ᠵᠠᠷᠯᠠᠨ ᠢᠯᠡᠴᠢᠯᠡᠵᠦ᠂ ᠭᠠᠵᠢᠭᠤ ᠰᠤᠷᠲᠠᠯ ᠢ ᠡᠷᠡᠰ ᠴᠢᠩᠭ᠎ᠠ ᠬᠤᠷᠢᠭᠯᠠᠨ ᠵᠣᠭᠰᠣᠭᠠᠵᠤ᠂ ᠬᠤᠭᠤᠴᠠᠭ᠎ᠠ | ᠰᠣᠯᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠶᠢ ᠪᠠᠬᠢᠵᠢᠭᠦᠯᠦᠨ ᠬᠥᠭᠵᠢᠭᠦᠯᠬᠦ ᠠᠮᠢᠳᠤᠯᠢᠭ ᠦᠢᠯᠡᠳᠦᠯᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠠᠯᠪᠠᠨ ᠪᠢᠴᠢᠭ ᠬᠦᠯᠢᠶᠡᠨ ᠠᠪᠴᠤ ᠰᠢᠢᠳᠪᠦᠷᠢᠯᠡᠬᠦ ᠪᠠ ᠮᠡᠳᠡᠭᠡ | ᠵᠠᠩᠭᠢ ᠮᠡᠳᠡᠭᠦᠯᠦᠨ ᠬᠦᠷᠭᠡᠬᠦ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠮᠡᠳᠡᠭᠳᠡᠯ︾᠂ ᠶᠡᠷᠦᠩᠬᠡᠶ ᠱᠦᠵᠢ ᠰᠢ ᠶᠢᠨ | ᠫᠢᠩ ᠤᠨ ᠬᠤᠶᠠᠳᠤᠭᠠᠷ ᠤᠳᠠᠭ᠎ᠠ᠂ ᠭᠤᠷᠪᠠᠳᠤᠭᠠᠷ ᠤᠳᠠᠭᠠᠨ ᠤ ᠲᠥᠪ ᠤᠨ ᠰᠢᠨᠵᠢᠶᠠᠩ ᠤᠨ ᠠᠵᠢᠯ ᠤᠨ ᠶᠠᠷᠢᠯᠴᠠᠬᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ | ᠪᠠᠶᠢᠴᠠᠭᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢᠨ ᠲᠣᠪᠴᠢᠯᠠᠯ | ᠂ 2021 ᠣᠨ ᠤ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ | ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠬᠤᠲᠠ | ᠰᠢᠶᠠᠨ ᠤ ᠴᠠᠭᠳᠠᠨ ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ︽ | ᠬᠤᠲᠠ ᠰᠢᠶᠠᠨ ᠤ ᠨᠠᠮ ᠤᠨ ᠬᠤᠷᠢᠶ᠎ᠠ ᠴᠠᠭᠳᠠᠨ ᠪᠠᠶᠢᠴᠠᠭᠠᠬᠤ ᠲᠦᠷᠢᠮ ᠪᠠᠶᠢᠭᠤᠯᠬᠤ ᠲᠤᠬᠠᠶ ᠰᠠᠨᠠᠯ︾᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠧᠴᠤᠸᠠᠨ | ᠮᠤᠵᠢ ᠶᠢᠨ ᠽᠢ ᠬᠥᠩ ᠬᠤᠲᠠ ᠶᠢᠨ ᠽᠢ ᠯᠢᠦ ᠵᠢᠩ ᠲᠣᠭᠤᠷᠢᠭ ᠤᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ | ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠲᠤᠬᠠᠶ ᠵᠠᠷᠯᠠᠯ︾᠂ ᠴᠧᠨ ᠰᠢ ᠶᠢᠨ | ᠪᠦᠬᠦ ᠤᠯᠤᠰ ᠤᠨ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ | ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠳᠣᠯᠣᠳᠤᠭᠠᠷ ᠬᠤᠭᠤᠴᠠᠭᠠᠨ ᠤ ᠬᠤᠲᠠ ᠶᠢᠨ | ᠨᠠᠮ ᠤᠨ ᠬᠤᠷᠢᠶᠠᠨ ᠤ 201 ᠳ᠋ᠦ᠋ᠭᠡᠷ ᠤᠳᠠᠭ᠎ᠠ᠂ 206 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ | ᠬᠤᠷᠠᠯᠳᠤᠭᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠵᠥᠪᠯᠡᠬᠦ ᠰᠡᠳᠦᠪ ᠤᠨ ᠵᠣᠷᠢᠭ ᠰᠠᠨᠠᠭ᠎ᠠ ᠪᠠ | ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠭᠤᠷᠪᠠᠳᠤᠭᠠᠷ ᠤᠳᠠᠭᠠᠨ ᠤ | ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︵ᠬᠤ᠋ ᠵᠢᠩ ᠶᠤᠸᠠᠨ︶ | | |