ᠢᠦᠶ ᠸᠧᠶ ᠳ᠋ᠦᠩ ᠬᠤᠰᠢᠭᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/17
       11 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠶ ᠸᠧᠶ ᠳ᠋ᠦᠩ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ ᠪᠥᠬᠦ ᠬᠤᠰᠢᠭᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ ᠂ ᠣᠷᠣᠯᠠᠭᠴᠢ ᠬᠤᠰᠢᠭᠤᠨ ᠳᠠᠷᠤᠭ᠎ᠠ ᠸᠧᠢ ᠪᠢᠯᠢᠭ ᠵᠡᠷᠭᠡ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠴᠧᠨ ᠪᠠ ᠪᠠᠶᠢᠩᠭᠤ ᠶᠢᠨ ᠭᠡᠰᠢᠭᠦᠨ ᠪᠤᠰᠤ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ
       ᠬᠤᠷᠠᠯ ᠠᠴᠠ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠮᠠᠨ ᠤ ᠨᠠᠮ ᠤᠨ ᠵᠠᠭᠤᠨ ᠵᠢᠯ ᠤᠨ ᠤᠢ ᠶᠢᠨ ᠴᠢᠬᠤᠯᠠ ᠴᠠᠭ ᠮᠥᠴᠡ ᠪᠣᠯᠤᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ︽ᠳᠥᠷᠪᠡᠨ ᠤᠬᠠᠮᠰᠠᠷ︾ ᠢᠶᠠᠨ  ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ  ᠪᠡᠶᠡᠯᠡᠭᠦᠯᠦᠨ᠂ ᠦᠵᠡᠯ ᠰᠠᠨᠠᠭ᠎ᠠ ᠪᠣᠯᠤᠨ ᠦᠶᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃
       ᠬᠤᠷᠠᠯ ᠠᠴᠠ᠂ ᠰᠤᠷᠤᠯᠴᠠᠯᠭ᠎ᠠ ᠪᠣᠯᠪᠠᠰᠤᠷᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠵᠠᠭᠤᠴᠢᠯᠠᠭᠤᠷ ᠤᠨ ᠬᠦᠴᠦᠨ ᠪᠣᠯᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠤᠯᠠᠨ ᠳᠡᠰ ᠳᠠᠪᠬᠤᠷᠭ᠎ᠠ ᠪᠠᠷ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃ ᠡᠯ᠎ᠡ ᠲᠥᠷᠥᠯ ᠤᠨ ᠵᠠᠭᠤᠴᠢ ᠨᠤᠭᠤᠳ ᠨᠠᠷᠢᠨ ᠨᠢᠮᠪᠠᠶ ᠲᠥᠰᠦᠪᠯᠡᠨ᠂ ᠲᠥᠪᠯᠡᠷᠡᠭᠦᠯᠦᠨ ᠮᠡᠳᠡᠭᠡᠯᠡᠵᠦ᠂ ᠲᠤᠰᠬᠠᠶ ᠰᠡᠳᠦᠪᠲᠦ ᠲᠤᠰᠬᠠᠶ ᠪᠤᠯᠤᠩ ᠨᠡᠭᠡᠭᠡᠵᠦ᠂ ᠭᠦᠨᠴᠡ ᠲᠠᠢ᠂ ᠨᠢᠭᠡ ᠪᠦᠯᠦᠭ ᠴᠢᠨᠠᠷ ᠰᠠᠶᠢᠲᠠᠶ ᠮᠡᠳᠡᠭᠡ ᠪᠠ ᠤᠩᠰᠢᠨ ᠲᠠᠶᠢᠯᠪᠤᠷᠢᠯᠠᠬᠤ  ᠵᠣᠬᠢᠶᠠᠯ ᠨᠡᠶᠢᠳᠡᠯᠡᠬᠦ ᠬᠡᠷᠡᠭᠲᠡᠶ᠃ ᠡᠯᠪᠡᠭ ᠪᠠᠶᠠᠯᠢᠭ ᠤᠯᠠᠨ ᠶᠠᠩᠵᠤ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠨ᠂ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠲᠠᠷᠢᠬᠢᠨ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠪᠠ᠃
       ᠬᠤᠷᠠᠯ ᠠᠴᠠ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠭᠦᠨᠵᠡᠭᠡᠶ ᠠᠭᠤᠰᠤᠯᠴᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠶᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠥᠭᠵᠢᠯᠲᠡ ᠭᠡᠬᠦ ᠡᠨᠡ ᠬᠦ ᠠᠯᠲᠠᠨ ᠲᠦᠯᠬᠢᠭᠦᠷ ᠢ ᠠᠳᠬᠤᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠪᠥᠬᠦ ᠬᠦᠴᠦᠨ ᠢᠶᠠᠷ ᠢᠶᠠᠨ ᠰᠠᠶᠢᠲᠤᠷ ᠵᠠᠮᠨᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠨᠡᠨᠬᠦ ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢᠶᠠᠨ ᠦᠨᠡᠨᠬᠦ ᠴᠢᠩᠭᠠᠳᠬᠠᠨ᠂ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠠᠵᠢᠯ ᠣᠯᠭᠤᠯᠲᠠ᠂ ᠰᠤᠷᠭᠠᠨ ᠬᠥᠮᠦᠵᠢᠯ ᠵᠡᠷᠭᠡ ᠪᠣᠳᠠᠲᠠᠢ ᠠᠰᠠᠭᠤᠳᠠᠯ ᠢ ᠪᠦᠬᠦ  ᠬᠦᠴᠦᠨ ᠢᠶᠠᠷ ᠢᠶᠠᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂  ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠨᠢ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠲᠥᠷᠥᠯ ᠤᠨ ᠠᠵᠢᠯ ᠳᠤ ᠢᠯᠡᠷᠡᠭᠦᠯᠵᠦ᠂ ᠪᠥᠬᠦ ᠬᠤᠰᠢᠭᠤᠨ ᠤ ᠬᠥᠭᠵᠢᠯᠲᠡ ᠶᠢ ᠤᠳᠤᠷᠢᠳᠬᠤ ᠬᠦᠨᠳᠦ ᠡᠭᠦᠷᠭᠡ ᠶᠢ ᠦᠨᠡᠨᠬᠦ ᠰᠠᠶᠢᠲᠤᠷ ᠡᠭᠦᠷᠭᠡᠯᠡᠬᠦ ᠬᠡᠷᠡᠭᠲᠡᠶ ᠭᠡᠵᠦ ᠱᠠᠭᠠᠷᠳᠠᠪᠠ᠃
       ᠬᠤᠷᠠᠯ ᠠᠴᠠ ︽ᠬᠤᠲᠠ ᠶᠢᠨ ᠨᠠᠶᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠢᠯᠡᠳᠬᠡᠯ ᠤᠨ ᠴᠢᠬᠤᠯᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ ︵ᠶᠠᠷᠢᠯᠴᠠᠬᠤ ᠨᠤᠤᠷᠠᠭ︶︾᠂ ︽ᠠᠷᠤ ᠬᠤᠷᠴᠢᠨ ᠬᠤᠰᠢᠭᠤ ᠳᠣᠯᠣᠳᠤᠭᠠᠷ ᠬᠤᠭᠤᠴᠠᠭᠠᠨ ᠤ ᠬᠤᠳᠠ  ᠶᠢᠨ ᠨᠠᠮ ᠤᠨ ᠬᠤᠷᠢᠶᠠᠨ ᠤ 208 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ︵ᠶᠠᠷᠢᠯᠴᠠᠬᠤ ᠨᠤᠤᠷᠠᠭ︶︾᠂ ︽ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠬᠤᠶᠠᠳᠤᠭᠠᠷ ᠵᠢᠭᠠᠨ ᠵᠢᠯᠣᠭᠤᠳᠴᠤ ᠪᠠᠶᠢᠴᠠᠭᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ︵ᠶᠠᠷᠢᠯᠴᠠᠬᠤ ᠨᠤᠤᠷᠠᠭ︶︾᠂ ︽ᠤᠯᠤᠰ ᠲᠥᠷᠥ ᠶᠢᠨ ᠵᠥᠪᠯᠡᠯᠭᠡᠨ ᠤ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠲᠥᠰᠦᠯ︾ ᠢ ᠬᠢᠨᠠᠨ ᠵᠥᠪᠯᠡᠪᠡ᠃ ᠴᠢᠪᠠᠭ᠎ᠠ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠵᠢᠴᠢ ᠬᠤᠭ ᠨᠣᠪᠰᠢ ᠶᠢ ᠶᠡᠷᠦᠩᠬᠡᠶᠢᠯᠡᠨ ᠰᠢᠶᠳᠪᠦᠷᠢᠯᠡᠬᠦ ᠲᠥᠷᠥᠯ ᠵᠦᠶᠯ ᠤᠨ ᠨᠡᠶᠢᠭᠡᠮ ᠤᠨ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠪᠠ᠃ ᠠᠷᠤ ᠬᠤᠷᠴᠢᠨ ᠬᠤᠰᠢᠭᠤᠨ ᠤ ᠰᠢᠶᠠᠨ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠪᠠ ︽ᠣᠯᠠᠨ ᠴᠢᠭᠯᠡᠯ ᠢᠶᠠᠷ ᠬᠦᠴᠦᠯᠡᠵᠦ ᠣᠨᠣᠴᠠᠲᠠᠶ ᠪᠠᠷ ᠬᠢᠨᠠᠯᠲᠠ ᠲᠠᠯᠪᠢᠵᠤ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠲᠤᠰᠬᠠᠶ ᠮᠡᠳᠡᠭᠦᠯᠦᠯᠲᠡ︾᠂ ︽ᠠᠷᠤ ᠬᠤᠷᠴᠢᠨ ᠬᠤᠰᠢᠭᠤᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠠᠵᠢᠯᠲᠠᠨ ᠤ ᠲᠤᠭ᠎ᠠ ᠶᠢ ᠪᠦᠷᠢᠳᠬᠡᠨ ᠳᠠᠩᠰᠠᠯᠠᠬᠤ ᠳᠦᠷᠢᠮᠲᠦ ᠪᠠᠭᠰᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽ᠠᠷᠤ ᠬᠤᠷᠴᠢᠨ ᠬᠤᠰᠢᠭᠤᠨ ᠤ ᠭᠤᠤᠯ ᠤᠨ ᠵᠠᠮ ᠠᠴᠠ ᠡᠯᠡᠰᠦ ᠮᠠᠯᠲᠠᠬᠤ ᠲᠥᠯᠥᠪᠵᠢᠭᠦᠯᠭᠡ ︵2021—2025 ᠣᠨ︶︾᠂ ︽ᠠᠷᠤ ᠬᠤᠷᠴᠢᠨ ᠬᠤᠰᠢᠭᠤᠨ ᠤ ᠯᠢ ᠵᠢᠶᠠᠩ ᠤᠨ ᠣᠶ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠭᠰᠠᠨ ᠬᠡᠷᠡᠭ ᠲᠤ ᠬᠤᠯᠪᠣᠭᠳᠠᠭᠰᠠᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠲᠤᠬᠠᠶ ᠰᠠᠨᠠᠯ︾ ᠢ ᠰᠤᠳᠤᠯᠤᠨ  ᠶᠠᠷᠢᠯᠴᠠᠪᠠ᠃ ︵ᠬᠤ᠋ ᠵᠢᠩ ᠶᠤᠸᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号