ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ  ᠪᠠᠶᠢᠴᠠᠭᠠᠬᠤ ᠵᠥᠪᠯᠡᠯ  ᠨᠢ ᠨᠤᠲᠤᠭ ᠪᠡᠯᠴᠢᠭᠡᠷ ᠣᠢ ᠰᠢᠭᠤᠢ ᠶᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠲᠦᠷᠦᠯ ᠢᠶᠠᠷ  ᠴᠡᠭᠴᠡᠯᠡᠨ ᠵᠠᠰᠠᠵᠤ ᠢᠯᠡᠳᠳᠠ ᠠᠮᠵᠢᠯᠳᠠ ᠣᠯᠵᠤ ᠪᠤᠢ
ᠨᠡᠶᠢᠲᠡᠯᠡᠭᠰᠡᠨ ᠴᠠᠭ᠄
2021/11/18
     ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ  ᠦᠵᠡᠯ  ᠰᠠᠨᠠᠭ᠎ᠠ ᠶᠢ  ᠭᠦᠨᠵᠡᠭᠡᠶ  ᠲᠤᠭᠤᠰᠢᠯᠠᠭᠤᠯᠤᠨ  ᠨᠤᠲᠤᠭ  ᠪᠡᠯᠴᠢᠭᠡᠷ ᠣᠢ ᠰᠢᠭᠤᠢ ᠶᠢ  ᠡᠪᠳᠡᠵᠦ  ᠬᠠᠤᠯᠢ  ᠲᠣᠭᠲᠠᠭᠠᠯ ᠠᠴᠠ  ᠵᠥᠷᠢᠴᠡᠭᠰᠡᠨ  ᠦᠢᠯᠡ ᠠᠵᠢᠯᠯᠠᠭ᠎ᠠ ᠶᠢ  ᠲᠤᠰᠬᠠᠶ  ᠴᠡᠭᠴᠡᠯᠡᠨ  ᠵᠠᠰᠠᠬᠤ ᠠᠵᠢᠯᠯᠠᠭ᠎ᠠ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠳᠡᠭᠡᠳᠦ  ᠱᠠᠲᠤᠨ ᠤ  ᠰᠠᠬᠢᠯᠭ᠎ᠠ  ᠪᠠᠲᠤ  ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ  ᠨᠠᠷᠢᠨ  ᠬᠢᠨᠠᠮᠠᠭᠠᠶ ᠨᠠᠶᠢᠳᠠᠪᠤᠷᠢᠵᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃              ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠳᠡᠭᠡᠳᠦ  ᠱᠠᠲᠤᠨ ᠤ ᠱᠠᠭᠠᠷᠳᠠᠯᠭ᠎ᠠ ᠶᠣᠰᠣᠭᠠᠷ ᠨᠤᠲᠤᠭ ᠪᠡᠯᠴᠢᠭᠡᠷ ᠣᠶ ᠰᠢᠭᠤᠶ ᠶᠢ ᠡᠪᠳᠡᠵᠦ ᠬᠠᠤᠯᠢ ᠲᠣᠭᠲᠠᠭᠠᠯ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠬᠢᠨᠠᠯᠲᠠ ᠲᠠᠯᠪᠢᠵᠤ  ᠰᠠᠬᠢᠯᠭ᠎ᠠ  ᠪᠠᠲᠤ  ᠬᠡᠷᠡᠭᠵᠢᠭᠦᠯᠬᠦ  ᠠᠵᠢᠯ ᠤᠨ  ᠳᠤᠭᠤᠶᠢᠯᠠᠩ ᠪᠠᠶᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠰᠦᠪᠡᠭᠴᠢ ᠶᠢ ᠵᠢᠭᠰᠠᠭᠠᠨ ᠪᠠᠶᠢᠴᠠᠭᠠᠬᠤ᠂ ᠬᠡᠷᠡᠭ ᠢ  ᠪᠠᠶᠢᠴᠠᠭᠠᠨ  ᠰᠢᠢᠳᠪᠦᠷᠢᠯᠡᠬᠦ 3 ᠳᠤᠭᠤᠶᠢᠯᠠᠩ ᠬᠤᠪᠢᠶᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠰᠢᠯᠤᠭᠤᠨ ᠢᠶᠠᠷ ᠶᠠᠪᠤᠭᠳᠠᠬᠤ ᠶᠢ ᠪᠠᠲᠤᠯᠠᠪᠠ᠃  ᠣᠳᠣᠬᠠᠨ ᠪᠣᠯᠲᠠᠯ᠎ᠠ᠂ ᠬᠤᠰᠢᠭᠤᠨ ᠤ ᠰᠠᠬᠢᠯᠭ᠎ᠠ  ᠪᠠᠲᠤ  ᠪᠠᠶᠢᠴᠠᠭᠠᠬᠤ  ᠬᠤᠷᠢᠶ᠎ᠠ  ᠬᠢᠨᠠᠨ  ᠪᠠᠶᠢᠴᠠᠭᠠᠬᠤ  ᠵᠥᠪᠯᠡᠯ ᠨᠢ ᠬᠠᠮᠢᠶ᠎ᠠ ᠪᠥᠬᠦᠶ ᠠᠰᠠᠭᠤᠳᠠᠯ ᠤᠨ ᠰᠦᠪᠡᠭᠴᠢ ᠶᠢ ᠨᠡᠶᠢᠲᠡ 16 ᠰᠢᠢᠳᠪᠦᠷᠢᠯᠡᠵᠦ᠂ 8 ᠬᠡᠷᠡᠭ ᠢ ᠰᠢᠢᠳᠪᠦᠷᠢᠯᠡᠨ ᠳᠠᠭᠤᠰᠬᠠᠵᠤ᠂ 11 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ  ᠶᠠᠪᠤᠳᠠᠯ ᠤᠨ  ᠰᠢᠳᠬᠡᠯ  ᠥᠭᠪᠡ᠃  1—10  ᠰᠠᠷ᠎ᠠ ᠳᠤ᠂  ᠲᠤᠰᠬᠠᠶ  ᠬᠢᠨᠠᠯᠲᠠ ᠪᠠᠶᠢᠴᠠᠭᠠᠯᠲᠠ ᠶᠢ 5 ᠡᠭᠡᠯᠵᠢ ᠤᠳᠠᠭ᠎ᠠ ᠥᠷᠨᠢᠭᠦᠯᠵᠦ᠂  ᠬᠤᠯᠪᠣᠭᠳᠠᠯ  ᠪᠥᠬᠦᠶ  ᠰᠠᠯᠠᠭ᠎ᠠ  ᠮᠥᠴᠢᠷ ᠲᠤ  ᠬᠢᠨᠠᠯᠲᠠ  ᠲᠠᠯᠪᠢᠬᠤ ᠠᠵᠢᠯ ᠤᠨ ᠰᠠᠨᠠᠭᠤᠯᠭ᠎ᠠ ᠶᠢᠨ  ᠪᠢᠴᠢᠭ ᠢ  2 ᠬᠤᠪᠢ ᠳᠤᠷᠠᠳᠵᠤ᠂  1  ᠠᠰᠠᠭᠤᠳᠠᠯ ᠤᠨ  ᠰᠦᠪᠡᠭᠴᠢ ᠶᠢ ᠢᠯᠡᠷᠡᠭᠦᠯᠪᠡ᠃ ᠣᠶᠢᠷ᠎ᠠ ᠶᠢᠨ ᠡᠳᠦᠷ ᠲᠤ ᠪᠥᠬᠦ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠤᠰᠬᠠᠶ ᠴᠡᠭᠴᠡᠯᠡᠨ ᠵᠠᠰᠠᠬᠤ ᠠᠰᠠᠭᠤᠳᠠᠯ ᠤᠨ ᠬᠡᠷᠡᠭ ᠪᠠ ᠵᠢᠷᠤᠭ ᠲᠣᠯᠪᠤ ᠶᠢᠨ ᠴᠡᠭᠴᠡᠯᠡᠨ ᠵᠠᠰᠠᠬᠤ ᠠᠬᠢᠴᠠ ᠶᠢᠨ ᠪᠠᠶᠢᠳᠠᠯ ᠳᠤ  ᠰᠢᠨ᠎ᠡ ᠨᠢᠭᠡ ᠡᠭᠡᠯᠵᠢ ᠶᠢᠨ ᠬᠢᠨᠠᠯᠲᠠ ᠪᠠᠶᠢᠴᠠᠭᠠᠯᠲᠠ ᠬᠢᠵᠦ᠂ ᠠᠰᠠᠭᠤᠳᠠᠯ ᠣᠷᠣᠰᠢᠵᠤ ᠪᠠᠶᠢᠭ᠎ᠠ ᠵᠢᠷᠤᠭ ᠲᠣᠯᠪᠤ ᠶᠢ ᠲᠤᠬᠠᠶ ᠶᠢᠨ  ᠭᠠᠵᠠᠷ ᠲᠤᠨᠢ  ᠪᠠᠶᠢᠴᠠᠭᠠᠨ ᠦᠵᠡᠵᠦ ᠬᠠᠶᠢᠨ ᠰᠢᠯᠭᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠰᠠᠭᠤᠳᠠᠯ ᠢ  ᠴᠡᠭᠴᠡᠯᠡᠨ  ᠵᠠᠰᠠᠬᠤ ᠠᠬᠢᠴᠠ ᠶᠢ ᠲᠦᠷᠭᠡᠳᠬᠡᠵᠦ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ 1114 ᠬᠤᠪᠢ ᠠᠰᠠᠭᠤᠳᠠᠯ ᠪᠠ ᠪᠣᠷᠣ ᠵᠢᠷᠤᠭ ᠠᠴᠠ ᠨᠢᠭᠡᠨᠲᠡ 646 ᠬᠤᠪᠢ ᠶᠢ ᠨᠢ ᠴᠡᠭᠴᠡᠯᠡᠨ ᠰᠠᠶᠢᠵᠢᠷᠠᠭᠤᠯᠵᠤ᠂ ᠦᠯᠡᠳᠡᠭᠰᠡᠨ 468 ᠬᠤᠪᠢ ᠶᠢ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ  ᠰᠢᠪᠠᠳᠠᠨ  ᠱᠠᠭᠠᠷᠳᠠᠵᠤ ᠴᠡᠭᠴᠡᠯᠡᠨ ᠰᠠᠶᠢᠵᠢᠷᠠᠭᠤᠯᠵᠤ ᠪᠤᠢ᠃              ᠡᠭᠦᠨ ᠤ ᠬᠠᠮᠲᠤ᠂ ᠬᠤᠰᠢᠭᠤᠨ ᠤ ᠰᠠᠬᠢᠯᠭ᠎ᠠ  ᠪᠠᠲᠤ  ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠨᠢ ᠬᠠᠷᠢᠭᠤᠴᠠᠯᠭ᠎ᠠ ᠨᠡᠬᠡᠮᠵᠢᠯᠡᠬᠦ ᠪᠠᠷ ᠭᠠᠷᠳᠠᠨ᠂ 2010 ᠣᠨ ᠠᠴᠠ ᠨᠠᠰᠢᠬᠢ ᠲᠦᠷᠢᠮ ᠲᠣᠭᠲᠠᠭᠠᠯ ᠬᠠᠤᠯᠢ ᠴᠠᠭᠠᠵᠠ ᠠᠴᠠ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠦᠢᠯᠡ ᠠᠵᠢᠯᠯᠠᠭ᠎ᠠ ᠶᠢ ᠵᠦᠶ ᠵᠣᠬᠢᠰ ᠥᠬᠡᠶ ᠰᠢᠳᠬᠡᠭᠰᠡᠨ᠂ ᠬᠦᠩᠭᠡᠨ ᠢᠶᠠᠷ ᠰᠢᠢᠳᠬᠡᠭᠰᠡᠨ᠂ ᠲᠣᠷᠭᠠᠭᠤᠯᠢ ᠪᠠᠷ ᠡᠷᠡᠭᠦᠦ ᠰᠢᠳᠬᠡᠯ ᠢ ᠣᠷᠣᠯᠠᠭᠤᠯᠤᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠬᠡᠷᠡᠭ ᠤᠨ ᠬᠤᠶᠢᠨ᠎ᠠ ᠣᠷᠣᠰᠢᠵᠤ ᠪᠠᠶᠢᠭ᠎ᠠ  ᠬᠢᠨᠠᠯᠲᠠ  ᠬᠠᠮᠢᠶᠠᠷᠤᠯᠲᠠ ᠰᠤᠯᠠ᠂  ᠬᠠᠷᠢᠭᠤᠴᠠᠯᠭ᠎ᠠ ᠠᠯᠳᠠᠭᠰᠠᠨ᠂  ᠱᠠᠮᠰᠢᠵᠤ ᠢᠯᠵᠢᠷᠡᠭᠰᠡᠨ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠪᠠ᠃ ᠣᠳᠣᠬᠠᠨ ᠪᠣᠯᠲᠠᠯ᠎ᠠ᠂ ᠨᠡᠶᠢᠲᠡ 14 ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠪᠡ᠃                                                                        ︵ᠴᠡᠯᠮᠡᠭ︶  
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号