ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ | ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠷᠭᠦᠯᠵᠢᠯᠡᠭᠰᠡᠨ ᠰᠤᠷᠭᠠᠨ ᠬᠥᠮᠥᠵᠢᠯ ᠢ ᠨᠤᠲᠠᠯᠠᠬᠤ᠃ | | ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ | 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ | 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ | ᠦᠭᠡᠢ᠃ | | ᠲᠣᠭᠲᠠᠭᠠᠭᠰᠠᠨ ᠦᠨᠳᠦᠰᠦᠯᠡᠯ | 【 ᠰᠠᠯᠠᠭ᠎ᠠ ᠮᠥᠴᠢᠷ ᠤᠨ ᠳᠦᠷᠢᠮ 】 ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ | ᠡᠷᠬᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ︵2011 ᠣᠨ ᠤ 12 ᠰᠠᠷ᠎ᠠ ᠶᠢᠨ 26 ᠤ ᠡᠳᠦᠷ | ᠵᠠᠮ ᠲᠡᠭᠡᠭᠡᠪᠦᠷᠢ ᠶᠢᠨ ᠶᠠᠮᠤᠨ ᠠᠴᠠ ᠨᠡᠶᠢᠲᠡᠯᠡᠵᠦ᠂ 2016 ᠣᠨ ᠤ 63 ᠳ᠋ᠤᠭᠠᠷ ᠲᠣᠭᠠᠲᠤ ︽︿ᠲᠦᠷᠢᠶᠡᠰᠦᠨ | ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ﹀ ᠳᠤ | ᠵᠠᠰᠠᠪᠤᠷᠢ ᠣᠷᠣᠭᠤᠯᠬᠤ ᠲᠤᠬᠠᠶ ᠵᠠᠮ ᠲᠡᠭᠡᠭᠡᠪᠦᠷᠢ ᠶᠢᠨ ᠶᠠᠮᠤᠨ ᠤ ᠲᠣᠭᠲᠠᠭᠠᠯ︾ ᠢᠶᠠᠷ ᠵᠠᠰᠠᠪᠤᠷᠢ ᠣᠷᠣᠭᠤᠯᠤᠭᠰᠠᠨ︶ | | ᠬᠤᠷᠢᠨ ᠳᠣᠯᠣᠳᠤᠭᠠᠷ ᠵᠤᠷᠪᠤᠰ ᠲᠤ᠂ ᠲᠦ᠋ᠷᠢᠶᠡᠰᠦᠨ ᠮᠠᠰᠢᠨ ᠲᠡᠷᠭᠡᠨ ᠤ ᠵᠢᠯᠣᠭᠤᠴᠢ ᠦᠷᠭᠦᠯᠵᠢᠯᠡᠭᠰᠡᠨ | ᠰᠤᠷᠭᠠᠨ ᠬᠥᠮᠦᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠲᠦᠷᠢᠶᠡᠰᠦᠨ ᠮᠠᠰᠢᠨ ᠲᠡᠷᠭᠡ ᠡᠵᠡᠩᠨᠡᠭᠴᠢ ᠠᠴᠠ ᠪᠠᠶᠢᠭ᠎ᠠ | ᠭᠠᠵᠠᠷ ᠤᠨ ᠢᠶᠠᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ | ᠬᠡᠮ ᠤᠨ ᠦᠨᠡᠮᠯᠡᠯ ᠳᠤ ᠲᠡᠮᠳᠡᠭᠯᠡᠬᠦ ᠥᠭᠬᠦ ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 31 — | 33 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ 1 ᠳ᠋ᠦ᠋ᠭᠡᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ | ᠪᠠᠭᠤᠵᠤ ᠵᠡᠭᠦᠨᠰᠢ 200 ᠮᠧᠲᠷ ᠶᠠᠪᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |