ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2 . ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. | ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ | ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ | 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ ︵ | ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ | ᠬᠢᠵᠠᠭᠠᠷᠯᠠᠯ ᠥᠭᠡᠢ᠃ | | ᠲᠣᠭᠲᠠᠭᠠᠭᠰᠠᠨ ᠦᠨᠳᠦᠰᠦᠯᠡᠯ | 【 ᠳᠦᠷᠢᠮ ᠲᠣᠭᠲᠠᠭᠠᠯ 】 ︽ᠲᠠᠮᠢᠷᠴᠢᠳ ᠤᠨ ᠮᠡᠷᠭᠡᠵᠢᠯ ᠤᠨ ᠳᠡᠰ ᠤᠨ ᠬᠠᠮᠢᠶᠠᠷᠤᠯᠲᠠ ᠶᠢᠨ ᠠᠷᠭ᠎ᠠ︾ ︵ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠵᠠᠷᠯᠢᠭ 18 ᠳ᠋ᠤᠭᠠᠷ ᠲᠣᠭᠠᠲᠤ︶ ᠶᠢᠨ ᠠᠷᠪᠠᠳᠤᠭᠠᠷ | ᠵᠤᠷᠪᠤᠰ ᠲᠤ᠂ ᠡᠯ᠎ᠡ ᠮᠤᠵᠢ ᠶᠢᠨ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠤ | ᠪᠠᠶᠢᠳᠠᠯ ᠢᠶᠠᠨ ᠦᠨᠳᠦᠰᠦᠯᠡᠨ᠂ ᠬᠤᠶᠠᠳᠤᠭᠠᠷ ᠳᠡᠰ ᠤᠨ ᠲᠠᠮᠢᠷᠴᠢᠨ᠂ ᠭᠤᠷᠪᠠᠳᠤᠭᠠᠷ ᠳᠡᠰ ᠤᠨ ᠲᠠᠮᠢᠷᠴᠢᠨ ᠢ ᠬᠢᠨᠠᠨ | ᠵᠥᠪᠰᠢᠶᠡᠷᠡᠬᠦ ᠡᠷᠬᠡ ᠶᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠳᠠ ᠶᠢᠨ ᠱᠠᠲᠤᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠯᠭᠤᠵᠤ ᠪᠣᠯᠤᠨ᠎ᠠ᠂ ᠭᠤᠷᠪᠠᠳᠤᠭᠠᠷ ᠳᠡᠰ ᠤᠨ ᠲᠠᠮᠢᠷᠴᠢᠨ ᠢ | ᠬᠢᠨᠠᠨ ᠵᠥᠪᠰᠢᠶᠡᠷᠡᠬᠦ ᠡᠷᠬᠡ ᠶᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠰᠢᠶᠠᠨ ᠤ ᠱᠠᠲᠤᠨ ᠤ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠰᠠᠯᠠᠭ᠎ᠠ ᠮᠥᠴᠢᠷ ᠣᠯᠭᠤᠵᠤ ᠪᠣᠯᠣᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — | 50 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |