ᠪᠥᠬᠦ ᠬᠤᠰᠢᠭᠤᠨ ᠤ 2021 ᠣᠨ ᠤ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/19
             11 ᠰᠠᠷ᠎ᠠ ᠶᠢᠨ 17 ᠤ ᠡᠳᠦᠷ᠂ ᠮᠠᠨ ᠤ ᠬᠤᠰᠢᠭᠤ 2021 ᠣᠨ ᠤ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠥᠴᠦᠬᠡᠨ ᠴᠦ ᠰᠤᠯᠠᠷᠠᠭᠤᠯᠤᠯ ᠥᠬᠡᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ ᠬᠤᠰᠢᠭᠤᠨ ᠤᠳᠤᠷᠢᠳᠤᠯᠭ᠎ᠠ ᠸᠧᠢ ᠪᠢᠯᠢᠭ᠂ ᠫᠸᠢ ᠬᠤᠸᠠᠨ ᠪᠢᠨ᠂ ᠰᠡᠷᠭᠦᠯᠡᠩ᠂ ᠵᠢᠶᠠᠩ ᠴᠠᠩ ᠾᠦᠢ᠂ ᠬᠠᠨ ᠵᠢᠶᠧ᠂ ᠯᠢᠦ ᡁᠢ ᠾᠦᠢ᠂  ᠪᠠᠷᠰᠪᠠᠭᠠᠳᠤᠷ ᠬᠤᠷᠠᠯ ᠳᠤ ᠣᠷᠣᠯᠴᠠᠵᠤ᠂ ᠫᠸᠢ ᠬᠤᠸᠠᠨ ᠪᠢᠨ ᠬᠤᠷᠠᠯ ᠡᠷᠬᠢᠯᠡᠪᠡ᠃        ᠬᠤᠷᠠᠯ ᠳᠤ᠂ ᠵᠢᠯ ᠤᠨ ᠡᠬᠢᠨ ᠠᠴᠠ ᠨᠠᠭᠠᠰᠢᠬᠢ ᠪᠥᠬᠦ ᠬᠤᠰᠢᠭᠤᠨ ᠤ ᠠᠮᠤᠷ ᠲᠦᠪᠰᠢᠨ ᠤ ᠠᠳᠡᠯ ᠤᠨ ᠪᠠᠶᠢᠳᠠᠯ ᠢ ᠮᠡᠳᠡᠭᠳᠡᠪᠡ᠃
       ᠸᠧᠢ ᠪᠢᠯᠢᠭ ᠴᠢᠬᠤᠯᠠᠴᠢᠯᠠᠭᠰᠠᠨ ᠨᠢ᠂ ᠳᠥᠷᠪᠡᠳᠦᠭᠡᠷ ᠤᠯᠠᠷᠢᠯ ᠪᠣᠯ ᠶᠡᠷᠦ ᠠᠴᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠦᠨᠳᠦᠷᠴᠡ ᠠᠴᠠ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷ᠎ᠠ᠂ ᠡᠯ᠎ᠡ ᠠᠵᠢᠯ ᠲᠦᠷᠦᠯ ᠳᠤ ᠴᠥᠬᠦᠷᠡᠰᠢ ᠦᠭᠡᠢ ᠲᠤᠭᠤᠰᠢᠯᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠠᠷᠠᠯᠲᠠ ᠪᠠᠨ ᠬᠤᠪᠢᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠢᠨᠵᠧᠨᠧᠷᠢᠩ᠂ ᠵᠠᠮ ᠬᠠᠷᠢᠯᠴᠠᠭ᠎ᠠ ᠂ ᠬᠤᠸᠠᠷ ᠫᠤᠤᠵᠢᠩ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠨᠡᠭᠦᠷᠡᠰᠦᠨ ᠤ ᠪᠤᠰᠤ ᠠᠭᠤᠷᠬᠠᠶ᠂ ᠣᠨᠴᠠ ᠲᠥᠷᠥᠯ ᠤᠨ ᠲᠥᠬᠦᠭᠡᠷᠦᠮᠵᠢ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷ᠎ᠠ ᠶᠢ ᠬᠠᠮᠤᠷᠤᠭᠰᠠᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ ᠡᠷᠴᠢᠮ ᠢᠶᠠᠨ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ᠂ ᠬᠠᠷᠢᠶ᠎ᠠ ᠣᠷᠣᠨ ᠤ ᠬᠠᠮᠢᠶᠠᠷᠤᠯᠲᠠ ᠴᠢᠩᠭ᠎ᠠ ᠪᠢᠰᠢ  ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠠᠯᠳᠠᠵᠤ ᠬᠠᠷᠢᠭᠤᠴᠠᠯᠭ᠎ᠠ ᠨᠡᠬᠡᠮᠵᠢᠯᠡᠬᠦ ᠰᠦᠷ ᠬᠦᠴᠦᠲᠦ ᠪᠠᠶᠢᠳᠠᠯ ᠢ ᠪᠠᠲᠤᠯᠠᠬᠤ ᠬᠡᠷᠡᠭᠲᠡᠢ ᠭᠡᠵᠡᠢ᠃ ︵ᠦᠯᠵᠡᠶᠢᠬᠡᠰᠢᠭ  ᠠᠯᠢᠮ᠎ᠠ︶                                                                  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号