11 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠤᠯᠤᠰ ᠤᠨ ᠬᠢᠨᠠᠨ ᠰᠢᠯᠭᠠᠯᠳᠠ ᠳᠤ ᠪᠡᠯᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠦ᠂ | ᠬᠤᠰᠢᠭᠤᠨ ᠤᠳᠤᠷᠢᠳᠤᠯᠭ᠎ᠠ ᠰᠡᠷᠭᠦᠯᠡᠩ᠂ ᠰᠦᠨ ᠵᠢᠶᠠᠨ ᠾᠧ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠰᠡᠷᠭᠦᠯᠡᠩ ᠬᠤᠷᠠᠯ ᠡᠷᠭᠢᠯᠡᠪᠡ᠃ | ᠬᠤᠷᠠᠯ ᠳᠤ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠠᠴᠠ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | | | | | ᠰᠦᠨ ᠵᠢᠶᠠᠨ ᠾᠧ ᠣᠳᠣᠬᠠᠨ ᠤ ᠪᠥᠬᠦ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ | ᠠᠵᠢᠯ ᠤᠨ ᠡᠭᠦᠷᠭᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠡᠷᠡ᠂ ᠡᠯ᠎ᠡ ᠭᠠᠵᠠᠷ ᠤᠷᠤᠨ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠴᠢᠩᠭ᠎ᠠ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠠᠵᠢᠯ ᠤᠨ | ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠠᠩᠭᠢ ᠪᠠᠶᠢᠭᠤᠯᠤᠨ᠂ ᠳᠤᠲᠠᠭᠤᠳᠠᠯ ᠪᠠᠭᠤᠷᠠᠶ ᠲᠠᠯ᠎ᠠ ᠪᠠᠨ ᠪᠥᠬᠦ | ᠲᠠᠯ᠎ᠠ ᠪᠠᠷ ᠲᠣᠳᠣᠷᠬᠠᠶ ᠲᠠᠨᠢᠵᠤ᠂ ᠠᠯᠳᠠᠭ᠎ᠠ ᠪᠤᠷᠤᠭᠤ ᠪᠠᠨ ᠪᠠᠶᠢᠴᠠᠭᠠᠨ ᠨᠦᠬᠦᠪᠦᠷᠢᠯᠡᠵᠦ᠂ ᠠᠵᠢᠯ ᠢᠶᠠᠨ ᠠᠬᠢᠭᠤᠯᠬᠤ | ᠲᠤᠯᠭᠠᠮ᠎ᠠ ᠪᠣᠳᠣᠯ ᠢᠶᠠᠨ ᠴᠢᠩᠭᠠᠳᠬᠠᠨ᠂ ᠡᠯ᠎ᠡ ᠵᠦᠢᠯ ᠤᠨ ᠭᠦᠢᠴᠡᠳᠬᠡᠯ ᠲᠤᠭ᠎ᠠ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ᠂ ᠤᠯᠤᠰ ᠤᠨ ᠬᠢᠨᠠᠨ ᠰᠢᠯᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ | ᠭᠡᠵᠦ ᠱᠠᠭᠠᠷᠳᠠᠪᠠ᠃ | | | | | ᠰᠡᠷᠭᠦᠯᠡᠩ ᠴᠢᠬᠤᠯᠠᠴᠢᠯᠠᠭᠰᠠᠨ ᠨᠢ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ᠲᠥᠷᠥᠯ ᠵᠦᠢᠯ ᠢ | ᠬᠡᠷᠡᠭᠵᠢᠭᠦᠯᠬᠦ ᠠᠬᠢᠴᠠ ᠶᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠲᠤᠰᠠᠯᠠᠮᠵᠢ ᠶᠢᠨ ᠪᠠᠯᠠ ᠮᠥᠩᠭᠦ ᠶᠢᠨ | ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠪᠠᠲᠤᠯᠠᠬᠤ ᠬᠡᠷᠡᠭᠲᠡᠶ᠃ ᠬᠤᠶᠠᠷ ᠭᠠᠵᠠᠷ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ | ᠭᠦᠨᠵᠡᠭᠡᠶᠢᠷᠡᠭᠦᠯᠵᠦ᠂ ᠬᠥᠳᠡᠯᠮᠦᠷᠢ ᠬᠦᠴᠦᠨ ᠤ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ | ᠠᠵᠢᠯ ᠢ ᠤᠯᠠᠮ ᠰᠠᠶᠢᠲᠤᠷ ᠬᠢᠵᠦ᠂ ᠢᠷᠡᠬᠦ ᠵᠢᠯ ᠤᠨ ᠲᠦᠷᠦᠯ ᠵᠦᠢᠯ ᠵᠢᠴᠢ ᠬᠤᠯᠪᠣᠭᠳᠠᠯ ᠪᠦᠬᠦᠢ ᠠᠵᠢᠯ ᠢ ᠡᠷᠲᠡᠬᠡᠨ | ᠲᠥᠯᠥᠪᠵᠢᠭᠦᠯᠬᠦ ᠬᠡᠷᠡᠭᠲᠡᠢ ᠭᠡᠵᠡᠢ᠃ ︵ᠯᠢ ᠬᠤᠸᠠᠨ ᠢᠤᠢ᠂ ᠡᠤ ᠬᠠᠢ ᠰᠢᠤᠢ︶ | | |