ᠬᠦᠯᠢᠶᠡᠨ ᠰᠢᠢᠳᠪᠦᠷᠢᠯᠡᠬᠦ ᠨᠥᠬᠦᠴᠡᠯ | ᠨᠥᠬᠦᠴᠡᠯ ᠳᠤ ᠨᠡᠶᠢᠴᠡᠬᠦ ᠪᠠᠶᠢᠭᠤᠯᠭ᠎ᠠ ᠨᠢᠭᠡᠴᠢ ᠪᠤᠶᠤ ᠬᠤᠪᠢ ᠬᠥᠮᠦᠨ ᠳᠤ ᠲᠠᠷᠢᠶᠠᠯᠠᠬᠤ ᠶᠢ ᠵᠣᠭᠰᠣᠭᠠᠵᠤ | ᠤᠢ ᠰᠢᠭᠤᠶ ᠶᠢ ᠰᠡᠷᠭᠦᠭᠡᠬᠦ ᠢᠨᠵᠧᠨᠧᠷᠢᠩ ᠤᠨ ᠴᠢᠬᠢ ᠮᠣᠳᠣ ᠲᠠᠷᠢᠵᠤ ᠣᠶᠢᠵᠢᠭᠤᠯᠬᠤ ᠨᠥᠬᠦᠪᠥᠷᠢ᠂ ᠲᠠᠷᠢᠶᠠᠯᠠᠬᠤ ᠶᠢ | ᠵᠣᠭᠰᠣᠭᠠᠬᠤ ᠨᠥᠬᠦᠪᠥᠷᠢ᠂ ᠳᠦᠷᠦ ᠶᠢᠨ ᠪᠤᠳᠤᠯᠭ᠎ᠠ ᠶᠢᠨ ᠨᠥᠬᠦᠪᠥᠷᠢ ᠶᠢ ᠲᠡᠭᠦᠯᠳᠡᠷᠵᠢᠭᠦᠯᠦᠨ᠎ᠡ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ | ᠰᠡᠷᠭᠦᠭᠡᠬᠦ ᠲᠦᠷᠢᠮ︾ ︵2002 ᠣᠨ ᠤ 12 ᠰᠠᠷ᠎ᠠ ᠶᠢᠨ 14 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ 367 ᠳ᠋ᠤᠭᠠᠷ ᠵᠠᠷᠯᠢᠭ ᠢᠶᠠᠷ ᠨᠡᠶᠢᠲᠡᠯᠡᠨ᠂ 2016 | ᠣᠨ ᠤ 1 ᠰᠠᠷ᠎ᠠ ᠶᠢᠨ 13 ᠤ ᠡᠳᠦᠷ ᠳᠦᠷᠦ ᠶᠢᠨ ᠶᠠᠪᠤᠳᠠᠯ ᠤᠨ ᠬᠤᠷᠢᠶᠠᠨ ᠤ 119 ᠳ᠋ᠦ᠋ᠭᠡᠷ ᠤᠳᠠᠭᠠᠨ ᠤ | ᠪᠠᠶᠢᠩᠭᠤ ᠶᠢᠨ ᠬᠤᠷᠠᠯᠳᠤᠭᠠᠨ ᠠᠴᠠ ᠵᠠᠰᠠᠪᠤᠷᠢ ᠣᠷᠣᠭᠤᠯᠤᠨ ᠪᠠᠲᠤᠯᠠᠵᠤ᠂ 2016 ᠣᠨ ᠤ 2 ᠰᠠᠷ᠎ᠠ ᠶᠢᠨ 6 ᠤ | ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ 666 | ᠳ᠋ᠤᠭᠠᠷ ᠵᠠᠷᠯᠢᠭ ᠢᠶᠠᠷ ᠨᠡᠶᠢᠲᠡᠯᠡᠪᠡ︶ ᠳᠣᠯᠣᠳᠤᠭᠠᠷ ᠵᠤᠷᠪᠤᠰ᠂ ᠤᠯᠤᠰ ᠠᠴᠠ ᠲᠠᠷᠢᠶᠠᠯᠠᠬᠤ ᠶᠢ ᠵᠣᠭᠰᠣᠭᠠᠵᠤ ᠤᠢ | ᠰᠢᠭᠤᠶ ᠶᠢ ᠰᠡᠷᠭᠦᠭᠡᠬᠦ ᠠᠵᠢᠯ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠠᠷᠭ᠎ᠠ ᠬᠡᠮᠵᠢᠶ᠎ᠡ ᠠᠪᠴᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ | ᠰᠡᠷᠭᠦᠭᠡᠬᠦ ᠳᠤ ᠲᠥᠪ ᠤᠨ ᠨᠥᠬᠦᠪᠥᠷᠢ ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ | ᠪᠠᠲᠤᠯᠠᠵᠤ᠂ ᠨᠥᠬᠦᠪᠥᠷᠢ ᠠᠮᠤ ᠪᠤᠳᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠪᠠ ᠬᠠᠩᠭᠠᠬᠤ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠶᠢ ᠳᠠᠪᠲᠠᠨ ᠪᠠᠶᠢᠴᠠᠭᠠᠬᠤ | ᠠᠵᠢᠯ ᠢ ᠴᠢᠩᠭᠠᠳᠬᠠᠵᠤ᠂ ᠤᠯᠤᠰ ᠠᠴᠠ ᠪᠠᠭᠤᠯᠭᠠᠭᠰᠠᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠬᠠᠮᠲᠤ ᠬᠠᠷᠠᠯᠲᠠᠲᠤ ᠬᠠᠷᠢᠭᠤᠴᠠᠯᠭ᠎ᠠ ᠶᠢ ᠱᠠᠳᠤ | ᠳᠠᠷᠠᠭᠠᠯᠠᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠲᠠᠷᠢᠶᠠᠯᠠᠬᠤ ᠶᠢ ᠵᠣᠭᠰᠣᠭᠠᠵᠤ | ᠤᠢ ᠰᠢᠭᠤᠶ ᠶᠢ ᠰᠡᠷᠭᠦᠭᠡᠬᠦ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ | ᠭᠤᠴᠢᠨ ᠲᠠᠪᠤᠳᠤᠭᠠᠷ ᠵᠤᠷᠪᠤᠰ᠂ ᠤᠯᠤᠰ ᠠᠴᠠ ᠬᠢᠨᠠᠨ ᠲᠣᠭᠲᠠᠭᠠᠭᠰᠠᠨ ᠲᠠᠷᠢᠶᠠᠯᠠᠬᠤ ᠶᠢ ᠵᠣᠭᠰᠣᠭᠠᠵᠤ | ᠤᠢ ᠰᠢᠭᠤᠶ ᠶᠢ ᠰᠡᠷᠭᠦᠭᠡᠬᠦ ᠪᠣᠳᠠᠲᠠᠶ ᠲᠠᠯᠠᠪᠠᠢ ᠶᠢ ᠦᠨᠳᠦᠰᠦᠯᠡᠨ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ | ᠡᠷᠬᠡᠲᠦ ᠬᠥᠮᠦᠨ ᠳᠤ ᠠᠮᠤ ᠪᠤᠳᠠᠭ᠎ᠠ᠂ ᠴᠢᠬᠢ ᠮᠣᠳᠣ ᠲᠠᠷᠢᠵᠤ ᠣᠶᠢᠵᠢᠭᠤᠯᠬᠤ ᠨᠥᠬᠦᠪᠥᠷᠢ ᠵᠠᠷᠤᠳᠠᠯ ᠪᠠ | ᠠᠮᠢᠳᠤᠷᠠᠯ ᠤᠨ ᠨᠥᠬᠦᠪᠥᠷᠢ ᠵᠠᠷᠤᠳᠠᠯ ᠬᠠᠩᠭᠠᠨ᠎ᠠ᠃ ᠨᠥᠬᠦᠪᠥᠷᠢ ᠥᠭᠬᠦ ᠪᠣᠳᠠᠲᠠᠶ ᠪᠠᠷᠢᠮᠵᠢᠶ᠎ᠠ ᠪᠠ ᠨᠥᠬᠦᠪᠥᠷᠢ ᠥᠭᠬᠦ | ᠵᠢᠯ ᠬᠤᠭᠤᠴᠠᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠭᠤᠴᠢᠨ ᠳᠣᠯᠣᠳᠤᠭᠠᠷ ᠵᠤᠷᠪᠤᠰ᠂ ᠴᠢᠬᠢ ᠮᠣᠳᠣ ᠲᠠᠷᠢᠵᠤ ᠣᠶᠢᠵᠢᠭᠤᠯᠬᠤ ᠨᠥᠬᠦᠪᠥᠷᠢ ᠵᠠᠷᠤᠳᠠᠯ ᠪᠠ | ᠠᠮᠢᠳᠤᠷᠠᠯ ᠤᠨ ᠨᠥᠬᠦᠪᠥᠷᠢ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠥᠯᠥᠪᠯᠡᠭᠡ᠂ ᠡᠳ᠋ ᠤᠨ ᠵᠠᠰᠠᠭ᠂ | ᠤᠢ ᠰᠢᠭᠤᠶ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤᠨᠢ | ᠪᠠᠭᠤᠯᠭᠠᠵᠤ᠂ ᠬᠢᠨᠠᠵᠤ ᠥᠭᠭᠦᠨ᠎ᠡ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠰᠢᠤᠸᠠᠢ ᠶᠤᠸᠠᠨ | ᠵᠠᠮ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ | ᠰᠤᠷᠭᠠᠨ ᠬᠥᠮᠦᠵᠢᠯ ᠤᠨ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |