ᠣᠢ ᠰᠢᠭᠤᠶ ᠤᠷᠭᠤᠮᠠᠯ ᠤᠨ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠬᠢᠨᠠᠨ ᠣᠯᠭᠤᠬᠤ
ᠨᠡᠶᠢᠲᠡᠯᠡᠭᠰᠡᠨ ᠴᠠᠭ᠄
2021/11/2
ᠬᠦᠯᠢᠶᠡᠨ ᠰᠢᠢᠳᠪᠦᠷᠢᠯᠡᠬᠦ ᠨᠥᠬᠦᠴᠡᠯ        ᠮᠠᠲ᠋ᠧᠷᠢᠶᠠᠯ ᠪᠦᠷᠢᠨ ᠭᠦᠢᠴᠡᠳ ᠦᠨᠡᠨ ᠪᠣᠳᠠᠲᠠᠶ ᠬᠦᠴᠦᠨ ᠲᠠᠢ ᠪᠠᠶᠢᠬᠤ᠃ᠲᠣᠭᠲᠠᠭᠠᠭᠰᠠᠨ ᠦᠨᠳᠦᠰᠦᠯᠡᠯ      【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠤᠷᠭᠤᠮᠠᠯ ᠤᠨ ᠬᠢᠵᠢᠭ ᠢ ᠪᠠᠶᠢᠴᠠᠭᠠᠬᠤ ᠲᠦᠷᠢᠮ︾ ︵2017 ᠣᠨ ᠤ ᠵᠠᠰᠠᠪᠤᠷᠢ ᠣᠷᠣᠭᠤᠯᠤᠭᠰᠠᠨ ᠳᠡᠪᠲᠡᠷ︶ ᠭᠤᠷᠪᠠᠳᠤᠭᠠᠷ ᠵᠤᠷᠪᠤᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠲᠠᠷᠢᠶᠠᠯᠠᠩ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠤᠷᠭᠤᠮᠠᠯ ᠤᠨ ᠬᠢᠵᠢᠭ ᠢ ᠪᠠᠶᠢᠴᠠᠭᠠᠬᠤ ᠪᠠᠶᠢᠭᠤᠯᠤᠮᠵᠢ ᠤᠯᠤᠰ ᠤᠨ ᠤᠷᠭᠤᠮᠠᠯ ᠤᠨ ᠬᠢᠵᠢᠭ ᠢ ᠪᠠᠶᠢᠴᠠᠭᠠᠬᠤ ᠡᠭᠦᠷᠭᠡ ᠶᠢ ᠬᠠᠷᠢᠭᠤᠴᠠᠨ ᠭᠦᠢᠴᠡᠳᠬᠡᠨ᠎ᠡ᠃ ᠠᠷᠪᠠᠨ ᠨᠢᠭᠡᠳᠦᠭᠡᠷ ᠵᠤᠷᠪᠤᠰ᠂ ᠦᠷ᠎ᠡ᠂ ᠴᠢᠬᠢ ᠮᠤᠳᠤ᠂ ᠪᠤᠰᠤᠳ ᠵᠦᠢᠯ ᠤᠨ ᠦᠷᠡᠵᠢᠯ ᠤᠨ ᠮᠠᠲ᠋ᠧᠷᠢᠶᠠᠯ ᠢ ᠦᠷᠡᠵᠢᠭᠦᠯᠦᠨ ᠪᠤᠶᠢᠵᠢᠭᠤᠯᠬᠤ ᠪᠠᠶᠢᠭᠤᠯᠭ᠎ᠠ ᠨᠢᠭᠡᠴᠢ ᠨᠢ  ᠡᠷᠬᠡᠪᠰᠢ ᠲᠥᠯᠥᠪᠯᠡᠭᠡ ᠲᠠᠢ ᠪᠠᠷ ᠤᠷᠭᠤᠮᠠᠯ ᠤᠨ ᠬᠢᠵᠢᠭ ᠪᠠᠶᠢᠴᠠᠭᠠᠬᠤ ᠡᠲᠡᠭᠡᠳ ᠦᠭᠡᠢ ᠦᠷ᠎ᠡ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ᠂ ᠡᠭᠡ ᠮᠣᠳᠣᠨ ᠤ ᠤᠢ ᠶᠢᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠶ᠃ ᠲᠤᠷᠰᠢᠨ ᠳᠡᠯᠭᠡᠷᠡᠭᠦᠯᠬᠦ ᠦᠷ᠎ᠡ᠂ ᠴᠢᠬᠢ ᠮᠣᠳᠣ ᠪᠠ ᠪᠤᠰᠤᠳ ᠦᠷᠡᠵᠢᠯ ᠤᠨ ᠮᠠᠲ᠋ᠧᠷᠢᠶᠠᠯ ᠳᠤ ᠤᠷᠭᠤᠮᠠᠯ ᠤᠨ ᠬᠢᠵᠢᠭ ᠪᠠᠶᠢᠴᠠᠭᠠᠬᠤ ᠡᠲᠡᠭᠡᠳ ᠢ ᠪᠠᠭᠲᠠᠭᠠᠵᠤ ᠪᠣᠯᠬᠤ ᠦᠭᠡᠢ᠃ ᠤᠷᠭᠤᠮᠠᠯ ᠤᠨ ᠬᠢᠵᠢᠭ ᠢ ᠪᠠᠶᠢᠴᠠᠭᠠᠬᠤ ᠪᠠᠶᠢᠭᠤᠯᠤᠮᠵᠢ ᠭᠠᠷᠤᠯᠲᠠ ᠶᠢᠨ ᠣᠷᠣᠨ ᠤ ᠬᠢᠵᠢᠭ ᠢ ᠪᠠᠶᠢᠴᠠᠭᠠᠨ᠎ᠠ᠃      【 ᠶᠠᠮᠤᠨ ᠬᠤᠷᠢᠶ᠎ᠠ ᠶᠢᠨ ᠲᠦᠷᠢᠮ ᠲᠣᠭᠲᠠᠭᠠᠯ】᠂ ︽ᠤᠷᠭᠤᠮᠠᠯ ᠤᠨ ᠬᠢᠵᠢᠭ ᠢ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ︵ᠤᠢ ᠰᠢᠭᠤᠶ ᠶᠢᠨ ᠬᠡᠰᠡᠭ︶ ︵1994 ᠣᠨ ᠤ 7 ᠰᠠᠷ᠎ᠠ ᠶᠢᠨ 26 ᠤ ᠡᠳᠦᠷ ᠤᠢ ᠰᠢᠭᠤᠶ ᠶᠢᠨ ᠶᠠᠮᠤᠨ ᠤ 4 ᠳ᠋ᠦ᠋ᠭᠡᠷ ᠵᠠᠷᠯᠢᠭ ᠢᠶᠠᠷ ᠨᠡᠶᠢᠲᠡᠯᠡᠵᠦ᠂ 2011 ᠣᠨ ᠤ 1 ᠰᠠᠷ᠎ᠠ ᠶᠢᠨ 25 ᠤ ᠡᠳᠦᠷ ᠤᠯᠤᠰ ᠤᠨ ᠤᠢ ᠰᠢᠭᠤᠶ ᠶᠢᠨ ᠲᠣᠪᠴᠢᠶ᠎ᠠ ᠶᠢᠨ 26 ᠳ᠋ᠤᠭᠠᠷ ᠵᠠᠷᠯᠢᠭ ᠢᠶᠠᠷ ᠵᠠᠰᠠᠪᠤᠷᠢ ᠣᠷᠣᠭᠤᠯᠪᠠ︶ ᠠᠷᠪᠠᠨ ᠬᠤᠶᠠᠳᠤᠭᠠᠷ ᠵᠤᠷᠪᠤᠰ᠂ ᠬᠢᠵᠢᠭ ᠤᠨ ᠪᠠᠶᠢᠴᠠᠭᠠᠯᠲᠠ ᠬᠢᠬᠦ ᠶᠣᠰᠣᠲᠠᠶ ᠤᠢ ᠰᠢᠭᠤᠶ ᠶᠢᠨ ᠤᠷᠭᠤᠮᠠᠯ ᠬᠢᠭᠡᠳ ᠤᠢᠢᠯᠡᠦᠡᠭᠡᠬᠦᠠ ᠢ ᠦᠢᠯᠡᠳᠪᠦᠷᠢᠯᠡᠬᠦ᠂ ᠡᠵᠡᠩᠨᠡᠬᠦ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠨᠢ ᠦᠢᠯᠡᠳᠪᠦᠷᠢᠯᠡᠬᠦ ᠬᠤᠭᠤᠴᠠᠭᠠᠨ ᠳᠠᠭᠠᠨ ᠪᠤᠶᠤ ᠰᠢᠯᠵᠢᠭᠦᠯᠦᠨ ᠲᠡᠭᠡᠭᠡᠪᠦᠷᠢᠯᠡᠬᠦ ᠠᠴᠠ ᠪᠠᠨ ᠡᠮᠦᠨ᠎ᠡ ᠡᠷᠬᠡᠪᠡᠰᠢ ᠲᠤᠬᠠᠶ ᠶᠢᠨ ᠭᠠᠵᠠᠷ ᠤᠨ ᠤᠢ ᠰᠢᠭᠤᠶ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠭᠠᠷᠤᠯᠲᠠ ᠶᠢᠨ ᠭᠠᠵᠠᠷ ᠤᠨ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠤᠢ ᠰᠢᠭᠤᠶ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠠᠴᠠ ︽ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ︾ ᠣᠯᠭᠤᠨ᠎ᠠ︔ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠤᠢ ᠰᠢᠭᠤᠶ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠠᠴᠠ ︽ᠬᠢᠵᠢᠭ ᠤᠨ ᠪᠠᠶᠢᠴᠠᠭᠠᠯᠲᠠ ᠶᠢ ᠰᠢᠢᠳᠪᠦᠷᠢᠯᠡᠬᠦ ᠮᠡᠳᠡᠭᠳᠡᠯ ᠤᠨ ᠬᠠᠭᠤᠳᠠᠰᠤ︾ ᠣᠯᠭᠤᠨ᠎ᠠ᠃ ᠭᠠᠷᠤᠯᠲᠠ ᠶᠢᠨ ᠣᠷᠣᠨ ᠤ ᠬᠢᠵᠢᠭ ᠢ ᠪᠠᠶᠢᠴᠠᠭᠠᠬᠤ ᠮᠡᠷᠭᠡᠵᠢᠯ ᠤᠨ ᠱᠠᠭᠠᠷᠳᠠᠯᠭ᠎ᠠ ᠶᠢ ︽ᠤᠯᠤᠰ ᠤᠨ ᠳᠣᠲᠣᠭᠠᠳᠤ ᠶᠢᠨ ᠤᠢ ᠰᠢᠭᠤᠶ ᠶᠢᠨ ᠤᠷᠭᠤᠮᠠᠯ ᠤᠨ ᠬᠢᠵᠢᠭ ᠢ ᠪᠠᠶᠢᠴᠠᠭᠠᠬᠤ ᠮᠡᠷᠭᠡᠵᠢᠯ ᠤᠨ ᠳᠦᠷᠢᠮ︾ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 34 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ ᠵᠡᠭᠦᠨᠰᠢ 100 ᠮᠧᠲᠷ ᠶᠠᠪᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817849e845017885d4f6db5c9f®ionCode=150421000000&highlight=personal&record=istrue
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号