ᠮᠣᠳᠣ ᠲᠠᠷᠢᠵᠤ ᠣᠶᠢᠵᠢᠭᠤᠯᠬᠤ᠂ ᠤᠢ ᠰᠢᠭᠤᠶ ᠶᠢ ᠬᠠᠮᠠᠭᠠᠯᠠᠬᠤ ᠵᠢᠴᠢ ᠤᠢ ᠰᠢᠭᠤᠶ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠢᠯᠡᠳᠲᠡ ᠠᠮᠵᠢᠯᠲᠠ ᠭᠠᠷᠭᠠᠭᠰᠠᠨ ᠪᠠᠶᠢᠭᠤᠯᠭ᠎ᠠ ᠨᠢᠭᠡᠴᠢ ᠪᠤᠶᠤ ᠬᠤᠪᠢ ᠬᠥᠮᠦᠨ ᠢ ᠱᠠᠩᠨᠠᠬᠤ
ᠨᠡᠶᠢᠲᠡᠯᠡᠭᠰᠡᠨ ᠴᠠᠭ᠄
2021/11/2
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ ᠣᠶᠢᠵᠢᠭᠤᠯᠵᠤ ᠨᠣᠭᠤᠭᠠᠷᠠᠭᠤᠯᠬᠤ᠂ ᠤᠢ ᠰᠢᠭᠤᠶ ᠶᠢᠨ ᠬᠠᠮᠠᠭᠠᠯᠠᠯᠲᠠ᠂ ᠤᠢ ᠰᠢᠭᠤᠶ ᠶᠢᠨ ᠡᠵᠡᠩᠨᠡᠯᠲᠡ ᠬᠠᠮᠢᠶᠠᠷᠤᠯᠲᠠ ᠵᠢᠴᠢ ᠤᠢ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠲᠠᠯ᠎ᠠ ᠪᠠᠷ ᠢᠯᠡᠳᠲᠡ ᠠᠮᠵᠢᠯᠲᠠ ᠭᠠᠷᠭᠠᠭᠰᠠᠳ᠃        ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ ᠵᠥᠪᠰᠢᠶᠡᠷᠡᠬᠦ ᠨᠥᠬᠦᠴᠡᠯ ᠠᠴᠠ ᠪᠤᠰᠤᠳ ᠨᠦᠬᠦᠴᠡᠯ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠥᠬᠡᠶ᠃   ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠠᠷᠪᠠᠨ ᠬᠤᠶᠠᠳᠤᠭᠠᠷ ᠵᠤᠷᠪᠤᠰ᠂ ᠮᠣᠳᠣ ᠲᠡᠷᠢᠵᠦ ᠣᠶᠢᠵᠢᠭᠤᠯᠬᠤ᠂ ᠤᠢ ᠰᠢᠭᠤᠶ ᠶᠢ ᠬᠠᠮᠠᠭᠠᠯᠠᠬᠤ᠂ ᠤᠢ ᠰᠢᠭᠤᠶ ᠶᠢ ᠬᠠᠮᠢᠶᠠᠷᠬᠤ ᠵᠢᠴᠢ ᠤᠢ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠲᠠᠯ᠎ᠠ ᠪᠠᠷ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠤᠶᠤ ᠬᠤᠪᠢ ᠬᠥᠮᠦᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠰᠢᠤᠸᠠᠢ ᠶᠤᠸᠠᠨ ᠵᠠᠮ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠰᠤᠷᠭᠠᠨ ᠬᠥᠮᠦᠵᠢᠯ ᠤᠨ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号