ᠬᠦᠯᠢᠶᠡᠨ ᠰᠢᠢᠳᠪᠦᠷᠢᠯᠡᠬᠦ ᠨᠥᠬᠦᠴᠡᠯ | ᠮᠠᠷᠭᠤᠯᠳᠤᠭᠠᠨ ᠡᠭᠦᠰᠦᠭᠰᠡᠨ ᠭᠠᠵᠠᠷ ᠨᠢ ᠲᠤᠰ ᠭᠠᠵᠠᠷ ᠤᠨ ᠬᠠᠷᠢᠶᠠᠨ ᠳᠤ ᠬᠠᠷᠢᠶᠠᠯᠠᠭᠳᠠᠬᠤ᠂ | ᠲᠤᠬᠠᠶ ᠶᠢᠨ ᠬᠥᠮᠦᠨ ᠨᠢ ᠰᠠᠶᠢᠨ ᠳᠤᠷ᠎ᠠ ᠠᠴᠠ ᠡᠶᠡᠳᠡᠭᠦᠯᠬᠦ ᠶᠢ ᠬᠦᠯᠢᠶᠡᠭᠰᠡᠨ᠂ ᠲᠥᠪ ᠭᠤᠣᠯᠴᠢ᠂ ᠡᠷᠬᠡ ᠲᠡᠭᠰᠢ᠂ | ᠠᠷᠠᠳ ᠲᠤ ᠲᠦᠭᠦᠮ ᠦᠵᠡᠭᠦᠯᠬᠦ᠃ | | ᠲᠣᠭᠲᠠᠭᠠᠭᠰᠠᠨ ᠦᠨᠳᠦᠰᠦᠯᠡᠯ | 【 ᠰᠠᠯᠠᠭ᠎ᠠ ᠮᠥᠴᠢᠷ ᠤᠨ ᠳᠦᠷᠢᠮ ᠲᠣᠭᠲᠠᠭᠠᠯ】 ︽ᠭᠡᠷ ᠪᠦᠯᠢ ᠶᠢᠨ ᠬᠡᠷᠡᠭᠯᠡᠭᠡᠨ ᠤ ᠮᠠᠰᠢᠨ ᠲᠡᠷᠭᠡᠨ ᠤ | ᠦᠢᠯᠡᠳᠬᠦᠨ ᠢ ᠵᠠᠰᠠᠬᠤ᠂ ᠰᠣᠯᠢᠬᠤ᠂ ᠪᠤᠴᠠᠭᠠᠬᠤ ᠬᠠᠷᠢᠭᠤᠴᠠᠯᠭ᠎ᠠ ᠶᠢᠨ ᠲᠤᠬᠠᠶ ᠲᠣᠭᠲᠠᠭᠠᠯ︾ ︵2012 ᠣᠨ ᠤ | 12 ᠰᠠᠷ᠎ᠠ ᠶᠢᠨ 29 ᠤ ᠡᠳᠦᠷ ᠤᠯᠤᠰ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠶᠡᠷᠦᠩᠬᠡᠶ ᠲᠣᠪᠴᠢᠶᠠᠨ ᠤ ᠵᠠᠷᠯᠢᠭ 150 ᠳ᠋ᠤᠭᠠᠷ ᠲᠣᠭᠠᠲᠤ︶ ᠵᠢᠷᠭᠤᠳᠤᠭᠠᠷ ᠵᠤᠷᠪᠤᠰ᠂ ᠣᠷᠣᠨ | ᠨᠤᠲᠤᠭ ᠤᠨ ᠡᠯ᠎ᠡ ᠱᠠᠲᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠲᠤᠰ ᠲᠣᠭᠲᠠᠭᠠᠯ ᠤᠨ ᠬᠡᠷᠡᠭᠵᠢᠭᠦᠯᠦᠯᠲᠡ ᠶᠢ ᠵᠣᠬᠢᠴᠠᠭᠤᠯᠤᠨ | ᠵᠢᠯᠣᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠭᠤᠴᠢᠨ ᠬᠤᠶᠠᠳᠤᠭᠠᠷ ᠵᠤᠷᠪᠤᠰ᠂ ᠭᠡᠷ ᠤᠨ ᠬᠡᠷᠡᠭᠯᠡᠭᠡᠨ ᠤ ᠮᠠᠰᠢᠨ ᠲᠡᠷᠭᠡᠨ ᠤ ᠦᠢᠯᠡᠳᠬᠦᠨ ᠤ ᠭᠤᠷᠪᠠ ᠶᠢ | ᠪᠠᠲᠤᠯᠠᠬᠤ ᠦᠢᠯᠡᠴᠢᠯᠡᠭᠡᠨ ᠤ ᠬᠠᠷᠢᠭᠤᠴᠠᠯᠭ᠎ᠠ ᠶᠢᠨ ᠲᠤᠬᠠᠶ ᠮᠠᠷᠭᠤᠯᠳᠤᠭᠠᠨ ᠭᠠᠷᠪᠠᠯ᠂ ᠬᠡᠷᠡᠭᠯᠡᠭᠴᠢ ᠨᠢ | ᠡᠵᠡᠩᠨᠡᠭᠴᠢ ᠲᠠᠢ ᠵᠥᠪᠳᠡᠯᠴᠡᠵᠦ ᠪᠠᠶᠢᠭᠠᠳ ᠰᠢᠢᠳᠪᠦᠷᠢᠯᠡᠵᠦ ᠪᠣᠯᠤᠨ᠎ᠠ᠃ ᠡᠯ᠎ᠡ ᠱᠠᠲᠤᠨ ᠤ ᠬᠡᠷᠡᠭᠯᠡᠭᠴᠢᠳ ᠤᠨ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠬᠤ ᠵᠣᠬᠢᠶᠠᠨ ᠪᠠᠶᠢᠭᠤᠯᠤᠯᠲᠠ ᠵᠡᠷᠭᠡ ᠭᠤᠷᠪᠠᠳᠠᠬᠢ ᠡᠲᠡᠭᠡᠳ ᠤᠨ ᠨᠡᠶᠢᠭᠡᠮ ᠤᠨ | ᠵᠠᠭᠤᠴᠢ ᠪᠠᠶᠢᠭᠤᠯᠤᠮᠵᠢ ᠳᠤ ᠡᠶᠡᠳᠡᠭᠦᠯᠦᠨ ᠰᠢᠢᠳᠪᠦᠷᠢᠯᠡᠭᠦᠯᠬᠦ ᠪᠠᠷ ᠭᠤᠶᠤᠴᠢᠯᠠᠵᠤ ᠪᠣᠯᠤᠨ᠎ᠠ᠃ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠬᠠᠤᠯᠢ ᠶᠣᠰᠣᠭᠠᠷ ᠭᠤᠮᠣᠳᠠᠯ ᠲᠣᠭᠠᠴᠢᠵᠤ ᠰᠢᠢᠳᠪᠦᠷᠢᠯᠡᠵᠦ ᠪᠣᠯᠤᠨ᠎ᠠ᠃ ᠭᠡᠷ ᠤᠨ ᠬᠡᠷᠡᠭᠯᠡᠭᠡᠨ ᠤ | ᠮᠠᠰᠢᠨ ᠲᠡᠷᠭᠡᠨ ᠤ ᠦᠢᠯᠡᠳᠬᠦᠨ ᠤ ᠭᠤᠷᠪᠠ ᠶᠢ ᠪᠠᠲᠤᠯᠠᠬᠤ ᠦᠢᠯᠡᠴᠢᠯᠡᠭᠡᠨ ᠤ ᠬᠠᠷᠢᠭᠤᠴᠠᠯᠭ᠎ᠠ ᠶᠢᠨ | ᠮᠠᠷᠭᠤᠯᠳᠤᠭᠠᠨ ᠤ ᠬᠤᠶᠠᠷ ᠲᠠᠯ᠎ᠠ ᠨᠢ ᠵᠥᠪᠳᠡᠯᠴᠡᠬᠦ᠂ ᠡᠶᠡᠳᠡᠭᠦᠯᠬᠦ ᠪᠠᠷ ᠳᠡᠮᠵᠢᠨ ᠰᠢᠢᠳᠪᠦᠷᠢᠯᠡᠬᠦ ᠳᠤᠷ᠎ᠠ ᠦᠭᠡᠶ ᠪᠤᠶᠤ | ᠵᠥᠪᠳᠡᠯᠴᠡᠬᠦ᠂ ᠡᠶᠡᠳᠡᠭᠦᠯᠬᠦ ᠪᠠᠷ ᠳᠡᠮᠵᠢᠨ ᠰᠠᠨᠠᠯ ᠨᠢᠭᠡᠳᠴᠦ ᠴᠢᠳᠠᠬᠤ ᠦᠭᠡᠶ ᠪᠠᠶᠢᠪᠠᠯ᠂ ᠬᠡᠯᠡᠯᠴᠡᠭᠡᠷ ᠢ | ᠦᠨᠳᠦᠰᠦᠯᠡᠨ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠣᠯᠤᠨ᠎ᠠ᠂ ᠪᠠᠰᠠ ᠬᠠᠤᠯᠢ ᠶᠣᠰᠣᠭᠠᠷ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠴᠤ ᠪᠣᠯᠤᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — | 20 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |