ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2. ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. | ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ | ᠭᠦᠢᠴᠡᠳᠬᠡᠬᠦ ᠳᠤ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠪᠤᠶᠤ ᠪᠦᠷᠢᠨ | ᠭᠦᠢᠴᠡᠳ ᠨᠥᠬᠦᠪᠥᠷᠢᠯᠡᠭᠦᠯᠬᠦ ᠪᠠᠷ ᠱᠠᠭᠠᠷᠳᠠᠭᠰᠠᠨ ᠢ ᠭᠦᠢᠴᠡᠳ ᠬᠠᠩᠭᠠᠭᠰᠠᠨ᠃ ︵ᠬᠤᠶᠠᠷ︶ ᠥᠯᠥ | ᠵᠥᠪᠰᠢᠶᠡᠷᠡᠭᠰᠡᠨ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ | ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ | ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ | | ᠲᠣᠭᠲᠠᠭᠠᠭᠰᠠᠨ ᠦᠨᠳᠦᠰᠦᠯᠡᠯ | 【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ︾ ︵2015 ᠣᠨ ᠤ 21 ᠳ᠋ᠦ᠋ᠭᠡᠷ ᠲᠣᠭᠠᠲᠤ ᠲᠡᠷᠢᠭᠦᠯᠡᠭᠴᠢ ᠶᠢᠨ ᠵᠠᠷᠯᠢᠭ︶ ᠶᠢᠨ ᠵᠠᠭᠤ | ᠠᠷᠪᠠᠨ ᠲᠠᠪᠤᠳᠤᠭᠠᠷ ᠵᠤᠷᠪᠤᠰ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷ ᠤᠨ ᠬᠢᠨᠠᠯᠲᠠ ᠵᠡᠷᠭᠡ ᠰᠠᠯᠠᠭ᠎ᠠ | ᠮᠥᠴᠢᠷ ᠲᠤᠰ ᠰᠠᠯᠠᠭ᠎ᠠ ᠮᠥᠴᠢᠷ ᠤᠨ ᠢᠶᠠᠨ ᠡᠯᠧᠺᠲᠷᠣᠨ ᠰᠢᠦᠳᠠᠨ ᠤ ᠬᠠᠶ᠋ᠢᠭ ᠪᠤᠶᠤ ᠬᠠᠷᠢᠯᠴᠠᠬᠤ ᠤᠲᠠᠰᠤ ᠶᠢ | ᠨᠡᠶᠢᠲᠡᠯᠡᠵᠦ᠂ ᠯᠠᠪᠯᠠᠯᠭ᠎ᠠ᠂ ᠵᠠᠭᠠᠯᠳᠤᠯᠭ᠎ᠠ᠂ ᠢᠯᠡᠴᠢᠯᠡᠯᠲᠡ ᠶᠢ ᠬᠦᠯᠢᠶᠡᠨ ᠠᠪᠬᠤ ᠬᠡᠷᠡᠭᠲᠡᠶ᠃ ᠯᠠᠪᠯᠠᠯᠭ᠎ᠠ᠂ | ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠲᠤᠰ ᠰᠠᠯᠠᠭ᠎ᠠ ᠮᠥᠴᠢᠷ ᠤᠨ ᠲᠤᠰᠢᠶᠠᠯ | ᠬᠠᠷᠢᠭᠤᠴᠠᠯᠭ᠎ᠠ ᠳᠤ ᠲᠣᠭᠠᠴᠠᠭᠳᠠᠬᠤ ᠶᠢ ᠨᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠠᠤᠯᠢ ᠪᠠᠷ | ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠢᠨᠠᠨ ᠬᠠᠷᠭᠤᠭᠤᠯᠵᠤ᠂ | ᠰᠢᠢᠳᠪᠦᠷᠢᠯᠡᠬᠦ ᠬᠡᠷᠡᠭᠲᠡᠶ᠃ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ | ᠪᠠᠶᠢᠪᠠᠯ᠂ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠢᠨ ᠬᠠᠮᠲᠤ ᠵᠥᠪᠯᠡᠯᠭᠡ | ᠥᠭᠭᠦᠭᠰᠡᠨ᠂ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠰᠢᠢᠳᠪᠦᠷᠢᠯᠡᠬᠦ | ᠡᠷᠬᠡ ᠲᠠᠢ ᠰᠠᠯᠠᠭ᠎ᠠ ᠮᠥᠴᠢᠷ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠴᠠᠭ ᠲᠤᠬᠠᠶ ᠳᠤᠨᠢ | ᠰᠢᠢᠳᠪᠦᠷᠢᠯᠡᠬᠦ ᠬᠡᠷᠡᠭᠲᠡᠶ᠂ ᠲᠦᠯᠬᠢᠯᠴᠡᠵᠦ ᠪᠣᠯᠬᠤ ᠤᠢᠭᠡᠢ᠃ ᠦᠨᠡᠨ ᠪᠣᠳᠠᠲᠠᠢ ᠪᠣᠯᠬᠤ ᠶᠢ ᠨᠢ ᠪᠠᠶᠢᠴᠠᠭᠠᠨ | ᠲᠤᠳᠤᠯᠠᠭᠰᠠᠨ ᠢᠯᠡᠴᠢᠯᠡᠨ ᠮᠡᠳᠡᠭᠦᠯᠦᠯᠲᠡ ᠪᠠᠶᠢᠪᠠᠯ᠂ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠢᠳᠡᠭᠡᠨ ᠵᠡᠷᠭᠡ ᠪᠦᠲᠦᠭᠡᠭᠳᠡᠬᠦᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠣᠨᠴᠠᠭᠠᠶ ᠲᠣᠭᠲᠠᠭᠠᠯ︾ ︵2007 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 503 ᠳ᠋ᠤᠭᠠᠷ | ᠲᠣᠭᠠᠲᠤ︶ ᠠᠷᠪᠠ ᠶᠢᠰᠦᠳᠦᠭᠡᠷ ᠵᠤᠷᠪᠤᠰ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠲᠤᠰ | ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ ᠢᠯᠡᠴᠢᠯᠡᠨ ᠮᠡᠳᠡᠭᠦᠯᠦᠯᠲᠡ ᠶᠢ | ᠲᠣᠰᠣᠭᠰᠠᠨ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ | ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠭᠠᠳ ᠦᠨᠡᠨ ᠪᠣᠳᠠᠲᠠᠢ ᠪᠠᠶᠢᠪᠠᠯ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ | ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠬᠦ ᠬᠡᠷᠡᠭᠲᠡᠶ᠃ | ᠲᠠᠷᠢᠶᠠᠯᠠᠩ᠂ ᠡᠷᠡᠭᠦᠯ ᠬᠠᠮᠠᠭᠠᠯᠠᠯ᠂ ᠶᠠᠰᠤ ᠴᠢᠨᠠᠷ ᠤᠨ ᠪᠠᠶᠢᠴᠠᠭᠠᠯᠲᠠ᠂ ᠬᠤᠳᠠᠯᠳᠤᠭᠠᠨ ᠤ ᠶᠠᠪᠤᠳᠠᠯ᠂ ᠦᠢᠯᠡᠳᠪᠦᠷᠢ | ᠬᠤᠳᠠᠯᠳᠤᠭ᠎ᠠ᠂ ᠡᠮ ᠤᠨ ᠵᠦᠢᠯ ᠵᠡᠷᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠪᠠᠶᠢᠭᠤᠯᠭ᠎ᠠ | ᠨᠢᠭᠡᠴᠡ ᠶᠢᠨ ᠢᠶᠠᠨ ᠡᠯᠧᠺᠲᠷᠣᠨ ᠰᠢᠦᠳᠠᠨ ᠤ ᠬᠠᠶ᠋ᠢᠭ ᠪᠤᠶᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠬᠦ | ᠬᠡᠷᠡᠭᠲᠡᠶ︔ ᠬᠦᠯᠢᠶᠡᠨ ᠠᠪᠤᠭᠰᠠᠨ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ᠂ ᠪᠦᠷᠢᠨ ᠪᠦᠲᠦᠨ ᠢᠶᠠᠷ ᠨᠢ | ᠲᠡᠮᠳᠡᠭᠯᠡᠬᠦ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠵᠦᠢᠯᠡᠰ ᠨᠢ ᠲᠤᠰ | ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠲᠣᠭᠠᠴᠠᠭᠳᠠᠬᠤ ᠳᠤ ᠬᠦᠷᠪᠡᠯ᠂ ᠬᠦᠯᠢᠶᠡᠨ ᠠᠪᠴᠤ | ᠰᠢᠢᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠬᠢᠨᠠᠨ ᠬᠠᠷᠭᠤᠭᠤᠯᠵᠤ᠂ ᠰᠢᠢᠳᠪᠦᠷᠢᠯᠡᠵᠦ᠂ ᠬᠠᠷᠢᠭᠤᠯᠲᠠ ᠥᠭᠬᠦ | ᠬᠡᠷᠡᠭᠲᠡᠶ︔ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ ᠪᠠᠶᠢᠪᠠᠯ᠂ | ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠢᠨ ᠬᠠᠮᠲᠤ ᠢᠯᠡᠴᠢᠯᠡᠨ | ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 | —22 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |