ᠨᠤᠲᠤᠭ ᠲᠠᠭᠠᠨ ᠪᠠᠶᠢᠭ᠎ᠠ ᠴᠡᠷᠢᠭ ᠠᠴᠠ ᠬᠠᠯᠠᠭᠳᠠᠭᠰᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠭᠰᠠᠨ ᠬᠡᠮᠵᠢᠶ᠎ᠡ ᠲᠠᠢ ᠨᠥᠬᠦᠪᠦᠷᠢ ᠥᠭᠬᠦ ᠮᠠᠭᠠᠳᠯᠠᠯᠲᠠ
ᠨᠡᠶᠢᠲᠡᠯᠡᠭᠰᠡᠨ ᠴᠠᠭ᠄
2021/11/23
ᠬᠦᠯᠢᠶᠡᠨ ᠰᠢᠢᠳᠪᠦᠷᠢᠯᠡᠬᠦ ᠨᠥᠬᠦᠴᠡᠯ        ᠬᠦᠯᠢᠶᠡᠨ ᠠᠪᠬᠤ — ᠬᠢᠨᠠᠨ ᠪᠠᠶᠢᠴᠠᠭᠠᠬᠤ — ᠲᠣᠭᠲᠠᠭᠠᠬᠤ ᠲᠣᠭᠲᠠᠭᠠᠭᠰᠠᠨ ᠦᠨᠳᠦᠰᠦᠯᠡᠯ      【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠴᠡᠷᠢᠭ ᠤᠨ ᠬᠥᠮᠦᠨ ᠤ ᠠᠰᠠᠷᠠᠮᠵᠢ ᠬᠠᠷᠠᠭᠠᠯᠵᠠᠯ ᠤᠨ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠠᠷᠯᠢᠭ 602 ᠳ᠋ᠤᠭᠠᠷ︶        ᠳᠥᠴᠢᠨ ᠳᠥᠷᠪᠡᠳᠦᠭᠡᠷ ᠵᠤᠷᠪᠤᠰ ᠲᠤ᠂ ᠠᠮᠢᠳᠤᠷᠠᠯ ᠨᠢ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠲᠤ ᠲᠣᠭᠲᠠᠭᠠᠯ ᠳᠠᠬᠢ ᠨᠥᠬᠦᠴᠡᠯ ᠶᠣᠰᠣᠭᠠᠷ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠭᠰᠠᠨ ᠬᠡᠮᠵᠢᠶᠡᠨ ᠤ ᠨᠥᠬᠦᠪᠥᠷᠢ ᠥᠭᠴᠦ᠂ ᠠᠮᠢᠳᠤᠷᠠᠯ ᠤᠨ ᠨᠥᠬᠦᠴᠡᠯ ᠢ ᠨᠢ ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠠᠷᠠᠭᠤᠨ ︵ᠥᠯᠵᠡᠶᠢᠮᠥ᠋ᠷᠡᠨ ᠶᠡᠭᠡ ᠵᠡᠭᠡᠯᠢ ᠶᠢᠨ ᠪᠠᠷᠠᠭᠤᠨ ᠬᠡᠰᠡᠭ ᠤᠨ ᠵᠠᠮ ᠤᠨ ᠡᠮᠦᠨ᠎ᠡ︶ ᠹᠦ᠋ ᠯᠢ ᠪᠠᠭ᠎ᠠ ᠲᠣᠭᠤᠷᠢᠭ ᠤᠨ ᠵᠡᠭᠦᠨ ᠡᠭᠦᠳᠡᠨ ᠳᠠᠬᠢ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 210        ᠭᠦᠢᠴᠡᠳᠬᠡᠬᠦ ᠴᠠᠭ᠄    ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠲᠡᠷᠭᠡᠨ ᠤ ᠬᠠᠮᠢᠶᠠᠷᠤᠯᠲᠠ ᠶᠢᠨ ᠥᠷᠲᠡᠭᠡᠨ ᠳᠤ ᠪᠠᠭᠤᠵᠤ᠂ ᠡᠮᠦᠨᠡᠰᠢ 1.3 ᠺᠢᠯᠣᠮᠧᠳ᠋ᠷ ᠣᠷᠴᠢᠮ ᠶᠠᠪᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号