11 ᠰᠠᠷ᠎ᠠ ᠶᠢᠨ 21 ᠤ ᠡᠳᠦᠷ᠂ ᠮᠠᠨ ᠤ ᠬᠤᠰᠢᠭᠤ ᠨᠠᠢᠮᠠᠳᠤᠭᠠᠷ ᠬᠤᠭᠤᠴᠠᠭᠠᠨ ᠤ ᠬᠤᠲᠠ ᠶᠢᠨ | ᠨᠠᠮ ᠤᠨ ᠬᠤᠷᠢᠶᠠᠨ ᠤ ᠠᠮᠤ ᠪᠤᠳᠠᠭᠠᠨ ᠤ ᠠᠰᠠᠭᠤᠳᠠᠯ ᠳᠤ ᠬᠤᠯᠪᠣᠭᠳᠠᠭᠰᠠᠨ ᠲᠤᠰᠬᠠᠶ ᠵᠦᠢᠯ ᠤᠨ ᠴᠠᠭᠳᠠᠨ | ᠪᠠᠶᠢᠴᠠᠭᠠᠬᠤ ᠲᠤᠭᠤᠶᠢᠯᠠᠩ ᠲᠤᠮᠢᠯᠠᠨ ᠰᠠᠭᠤᠯᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠶᠠ ᠲᠢᠶᠧ ᠵᠢᠶᠦ᠋ᠨ | ᠨᠡᠷ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ | ᠫᠸᠢ ᠬᠤᠸᠠᠨ ᠪᠢᠨ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠰᠦᠨ ᠰᠢᠶᠠᠩ ᠢᠦᠶ ᠵᠡᠷᠭᠡ | ᠬᠤᠰᠢᠭᠤᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠬᠤ ᠪᠠᠭ ᠤᠨ | ᠪᠦᠷᠢᠯᠳᠦᠬᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ | ᠵᠠᠩᠭᠢᠯᠠᠭ᠎ᠠ ᠶᠢᠨ ᠺᠠᠳ᠋ᠷ ᠵᠢᠴᠢ ᠬᠤᠰᠢᠭᠤᠨ ᠤ ᠲᠣᠰ ᠱᠠᠲᠤᠨ ᠤ ᠬᠠᠮᠢᠶᠠᠷᠴᠤ ᠪᠠᠶᠢᠭ᠎ᠠ ᠠᠮᠤ ᠪᠤᠳᠠᠭ᠎ᠠ ᠳᠤ | ᠬᠤᠯᠪᠣᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ︵ᠤᠯᠤᠰ ᠤᠨ ᠥᠮᠴᠢᠯᠡᠯ ᠤᠨ ᠠᠮᠤ ᠪᠤᠳᠠᠭ᠎ᠠ | ᠨᠥᠭᠡᠴᠡᠯᠡᠬᠦ ᠬᠥᠮᠥᠷᠭᠡ︶ ᠤᠨ ᠤᠳᠤᠷᠢᠳᠬᠤ ᠪᠠᠭ ᠤᠨ ᠪᠦᠷᠢᠯᠳᠦᠬᠦᠨ᠂ ᠴᠢᠬᠤᠯᠠ ᠠᠵᠢᠯ ᠤᠨ ᠪᠠᠶᠢᠷᠢ ᠶᠢᠨ ᠺᠠᠳ᠋ᠷ | ᠬᠤᠷᠠᠯ ᠳᠤ ᠣᠷᠣᠯᠴᠠᠪᠠ᠃ ᠰᠦᠨ ᠰᠢᠶᠠᠩ ᠢᠦᠶ ᠬᠤᠷᠠᠯ ᠢ ᠡᠷᠭᠢᠯᠡᠭᠰᠡᠨ ᠪᠥᠭᠡᠳ ᠳᠠᠶᠢᠴᠢᠯᠠᠯᠲᠠ ᠶᠢᠨ ᠶᠠᠷᠢᠶ᠎ᠠ | ᠲᠠᠯᠪᠢᠵᠠᠶ᠃ | | | | ᠬᠤᠷᠠᠯ ᠳᠡᠭᠡᠷ᠎ᠡ᠂ ᠵᠢᠶᠠ ᠲᠢᠶᠧ ᠵᠢᠶᠦ᠋ᠨ ᠠᠮᠤ ᠪᠤᠳᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠮᠤ ᠪᠤᠳᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠬᠤᠶᠠᠷ ᠲᠠᠯ᠎ᠠ ᠪᠠᠷ ᠲᠣᠰ ᠤᠳᠠᠭᠠᠨ ᠤ ᠲᠣᠭᠤᠷᠢᠨ | ᠪᠠᠶᠢᠴᠠᠭᠠᠯᠲᠠ ᠶᠢᠨ ᠭᠤᠤᠯ ᠡᠭᠦᠷᠭᠡ ᠶᠢ ᠮᠡᠳᠡᠭᠳᠡᠭᠰᠡᠨ ᠪᠥᠭᠡᠳ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠳᠤ | ᠠᠪᠤᠭᠰᠠᠨ ᠠᠷᠭ᠎ᠠ ᠬᠡᠯᠪᠡᠷᠢ ᠪᠠ ᠬᠠᠮᠢᠶ᠎ᠠ ᠪᠥᠬᠦᠶ ᠱᠠᠭᠠᠷᠳᠠᠯᠭ᠎ᠠ ᠪᠠᠨ ᠲᠣᠳᠣᠷᠬᠠᠶᠢᠯᠠᠪᠠ᠃ ᠨᠠᠢᠮᠠᠳᠤᠭᠠᠷ | ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ | ᠶᠡᠷᠦᠩᠬᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠰᠢᠭᠤᠨ ᠤ ᠠᠮᠤ ᠪᠤᠳᠠᠭᠠᠨ ᠳᠤ ᠬᠤᠯᠪᠣᠭᠳᠠᠬᠤ ᠰᠠᠯᠠᠭ᠎ᠠ ᠮᠥᠴᠢᠷ ︵ | ᠨᠢᠭᠡᠴᠡ︶᠂ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ 45 ᠡᠳᠦᠷ ᠤᠨ ᠬᠤᠭᠤᠴᠠᠭ᠎ᠠ ᠲᠠᠢ ᠲᠤᠰᠬᠠᠶ | ᠲᠣᠭᠤᠷᠢᠨ ᠪᠠᠶᠢᠴᠠᠭᠠᠯᠲᠠ ᠬᠢᠬᠦ ᠪᠤᠯᠤᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | | | | ᠰᠦᠨ ᠰᠢᠶᠠᠩ ᠢᠦᠢ᠂ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ | ᠴᠢᠬᠤᠯᠠ ᠰᠠᠭᠤᠷᠢ ᠮᠥᠨ᠂ ᠠᠮᠤ ᠪᠤᠳᠠᠭᠠᠨ ᠤ ᠠᠮᠤᠷ ᠲᠦᠪᠰᠢᠨ ᠨᠢ ᠤᠯᠤᠰ ᠲᠦᠷᠦ ᠶᠢᠨ ᠲᠣᠭᠲᠠᠭᠤᠨ᠂ | ᠨᠡᠶᠢᠭᠡᠮ ᠤᠨ ᠡᠶ᠎ᠡ ᠵᠣᠬᠢᠴᠠᠩᠭᠤᠢ᠂ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠨ᠎ᠠ᠃ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠪᠠ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢᠨ ᠦᠨᠳᠦᠷᠴᠡ ᠠᠴᠠ ᠲᠤᠰ ᠤᠳᠠᠭ᠎ᠠ ᠶᠢᠨ ᠲᠣᠭᠤᠷᠢᠨ ᠪᠠᠶᠢᠴᠠᠭᠠᠯᠲᠠ ᠳᠤ ᠬᠠᠨᠳᠤᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠶᠠᠰᠤ ᠴᠢᠨᠠᠷ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠲᠤᠰᠬᠠᠶ ᠲᠣᠭᠤᠷᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠶ | ᠠᠬᠢᠭᠤᠯᠬᠤ ᠬᠡᠷᠡᠭᠲᠡᠶ᠃ ᠤᠬᠠᠮᠰᠠᠷ ᠠᠴᠠ ᠪᠠᠨ ᠬᠢᠨᠠᠯᠲᠠ ᠬᠦᠯᠢᠶᠡᠬᠦ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ | ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠡᠷᠡᠰ ᠳᠡᠮᠵᠢᠨ ᠬᠠᠮᠵᠢᠯᠴᠠᠵᠤ᠂ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠠᠮᠲᠤ ᠪᠠᠷ | ᠴᠢᠷᠮᠠᠶᠢᠵᠤ ᠪᠠᠶᠢᠭᠠᠳ ᠲᠤᠰ ᠤᠳᠠᠭ᠎ᠠ ᠶᠢᠨ ᠲᠣᠭᠤᠷᠢᠨ ᠪᠠᠶᠢᠴᠠᠭᠠᠬᠤ ᠡᠯ᠎ᠡ ᠵᠦᠢᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠯᠢ ᠬᠤᠸᠠᠨ ᠢᠤᠢ︶ |