| | | 11 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠭᠰᠡᠨ ᠰᠡᠬᠦᠯᠴᠢ ᠶᠢᠨ ᠦᠨᠡᠯᠡᠨ ᠵᠢᠱᠢᠬᠦ ᠪᠡᠯᠡᠳᠬᠡᠯ ᠠᠵᠢᠯ ᠤᠨ ᠬᠤᠷᠠᠯ ᠬᠤᠷᠠᠯᠳᠤᠭᠤᠯᠵᠤ᠂ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠬᠦ ᠠᠵᠢᠯ ᠤᠨ ᠦᠨᠡᠯᠡᠯᠳᠡ ᠥᠷᠨᠢᠭᠦᠯᠬᠦ ᠲᠤᠬᠠᠶ | ᠨᠠᠮ ᠤᠨ ᠲᠥᠪ ᠬᠤᠷᠢᠶᠠᠨ ᠤ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ | ᠬᠤᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠬᠤᠰᠢᠭᠤᠨ ᠤ ᠰᠡᠭᠦᠯᠴᠢ ᠶᠢᠨ | ᠦᠨᠡᠯᠡᠨ ᠵᠢᠱᠢᠬᠦ ᠪᠡᠯᠡᠳᠬᠡᠯ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤᠳᠤᠷᠢᠳᠤᠯᠭ᠎ᠠ ᠯᠢ ᠯᠢᠩ | ᠢᠦᠶ᠂ ᠰᠡᠷᠭᠦᠯᠡᠩ ᠬᠤᠷᠠᠯ ᠳᠤ ᠣᠷᠣᠯᠴᠠᠵᠦ᠂ ᠰᠡᠷᠭᠦᠯᠡᠩ ᠬᠤᠷᠠᠯ ᠡᠷᠭᠢᠯᠡᠪᠡ᠃ | | | | ᠬᠤᠷᠠᠯ ᠳᠤ᠂ ᠯᠢ ᠯᠢᠩ ᠢᠦᠢ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠭᠰᠡᠨ ᠰᠡᠬᠦᠯᠴᠢ ᠶᠢᠨ ᠦᠨᠡᠯᠡᠨ ᠵᠢᠱᠢᠬᠦ ᠪᠡᠯᠡᠳᠬᠡᠯ ᠠᠵᠢᠯ ᠢ ᠪᠦᠬᠦ ᠲᠠᠯ᠎ᠠ ᠪᠠᠷ | ᠲᠤᠬᠢᠷᠠᠭᠤᠯᠤᠨ ᠪᠠᠶᠢᠷᠢᠯᠠᠭᠤᠯᠪᠠ᠃ ᠲᠡᠷᠡ᠂ ᠦᠨᠡᠯᠡᠨ ᠵᠢᠱᠢᠬᠦ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠤ ᠳᠠᠷᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠨᠢᠭᠡ ᠤᠳᠠᠭᠠᠨ ᠤ ᠶᠡᠭᠡ ᠰᠢᠯᠭᠠᠯᠲᠠ ᠪᠣᠯᠤᠨ᠎ᠠ᠂ ᠪᠦᠬᠦ ᠬᠤᠰᠢᠭᠤ ᠪᠠᠷ ᠢᠶᠠᠨ ᠳᠠᠷᠤᠢ | ᠲᠦᠷᠭᠡᠨ ᠬᠥᠳᠡᠯᠦᠯᠴᠡᠵᠦ᠂ ᠦᠨᠡᠯᠡᠨ ᠵᠢᠱᠢᠬᠦ ᠪᠠᠷᠢᠮᠵᠢᠶ᠎ᠠ ᠲᠠᠢ ᠬᠠᠷᠭᠤᠭᠤᠯᠵᠤ᠂ ᠪᠦᠬᠦ ᠲᠠᠯ᠎ᠠ ᠪᠠᠷ ᠠᠯᠳᠠᠰᠢ ᠶᠢ | ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠴᠢᠩᠭ᠎ᠠ | ᠠᠳᠬᠤᠵᠤ᠂ ᠢᠯᠠᠯᠲᠠ ᠣᠯᠤᠭᠰᠠᠨ ᠤ ᠳᠠᠷᠠᠭ᠎ᠠ ᠦᠨᠡᠯᠡᠨ ᠵᠢᠱᠢᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ | ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠪᠠᠯ ᠢᠯᠠᠬᠤ ᠢᠲᠡᠭᠡᠯ | ᠵᠣᠷᠢᠭ ᠢᠶᠠᠨ ᠪᠠᠲᠤᠳᠬᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ | ᠳᠠᠷᠠᠭᠠᠬᠢ ᠦᠨᠡᠯᠡᠨ ᠵᠢᠱᠢᠯᠲᠡ ᠶᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠰᠡᠭᠦᠯᠴᠢ ᠶᠢᠨ ᠦᠨᠡᠯᠡᠨ ᠵᠢᠱᠢᠯᠲᠡ ᠶᠢᠨ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠬᠢᠬᠦ ᠶᠢ ᠦᠨᠡᠨᠬᠦ ᠪᠠᠲᠤᠯᠠᠬᠤ | ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠲᠤ ᠡᠵᠡᠮᠳᠡᠵᠦ᠂ ᠯᠠᠪᠳᠠᠭᠤᠨ ᠪᠠᠲᠤᠲᠠᠢ ᠪᠠᠷ ᠪᠡᠯᠡᠳᠬᠡᠯ | ᠬᠢᠵᠦ᠂ ᠬᠤᠶᠢᠰᠢᠳᠠ ᠶᠢᠨ ᠦᠨᠡᠯᠡᠯᠲᠡ ᠶᠢᠨ ᠠᠭᠤᠯᠭ᠎ᠠ ᠪᠠ ᠱᠠᠭᠠᠷᠳᠠᠯᠭ᠎ᠠ ᠲᠠᠢ ᠬᠠᠷᠭᠤᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠯᠲᠡ ᠶᠢᠨ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ | ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ᠂ ᠪᠡᠯᠡ ᠮᠥᠩᠭᠦ ᠶᠢᠨ ᠲᠦᠷᠦᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠬᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ | ᠣᠷᠣᠯᠭ᠎ᠠ ᠪᠠᠨ ᠨᠡᠮᠡᠭᠳᠡᠭᠦᠯᠬᠦ ᠶᠢ ᠪᠠᠲᠤᠯᠠᠬᠤ ᠵᠡᠷᠭᠡ ᠲᠠᠯ᠎ᠠ ᠶᠢᠨ ᠲᠣᠭᠤᠷᠢᠨ ᠳᠤ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠢᠲᠡᠬᠡᠯ ᠲᠡᠭᠦᠯᠳᠡᠷ ᠢᠶᠠᠷ ᠰᠢᠯᠭᠠᠨ | ᠪᠠᠶᠢᠴᠠᠭᠠᠯᠲᠠ ᠶᠢ ᠤᠭᠲᠤᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ | ᠢᠳᠡᠪᠬᠢᠲᠡᠶ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠬᠦ ᠠᠵᠢᠯ ᠤᠨ | ᠦᠨᠡᠯᠡᠯᠳᠡ ᠶᠢᠨ ᠠᠵᠢᠯ ᠤᠨ ᠬᠠᠮᠲᠤᠷᠠᠯ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠤᠨ ᠰᠠᠶᠢᠲᠤᠷ ᠬᠢᠵᠦ᠂ | ᠠᠵᠢᠯ ᠤᠨ ᠤᠷᠤᠭᠰᠢᠲᠠᠶ ᠶᠠᠪᠤᠭᠳᠠᠬᠤ ᠳᠤ ᠦᠨᠡᠨᠬᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ | | | | ᠰᠡᠷᠭᠦᠯᠡᠩ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠬᠤᠰᠢᠭᠤᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨᠬᠦ ᠨᠢᠭᠡᠳᠬᠡᠵᠦ᠂ ᠦᠨᠡᠯᠡᠨ ᠵᠢᠱᠢᠬᠦ ᠳᠤ ᠠᠩᠬᠠᠷᠤᠯ | ᠲᠠᠯᠪᠢᠵᠤ ᠪᠠᠶᠢᠭ᠎ᠠ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ | ᠪᠥᠬᠦ ᠲᠠᠯ᠎ᠠ ᠪᠠᠷ ᠨᠠᠷᠢᠯᠢᠭ ᠭᠦᠨᠵᠡᠭᠡᠶ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠴᠢᠭᠯᠡᠭᠦᠯᠬᠦ ᠴᠢᠨᠠᠷᠲᠠᠶ ᠠᠵᠢᠯ ᠤᠨ ᠲᠥᠰᠦᠯ ᠢ ᠳᠠᠷᠦ᠋ᠢᠬᠠᠨ ᠲᠣᠭᠲᠠᠭᠠᠵᠤ᠂ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠬᠦ | ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠡᠯ᠎ᠡ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠳᠤ ᠬᠢᠨᠠᠨ | ᠵᠢᠯᠣᠭᠤᠳᠤᠯᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠱᠠᠭᠠᠷᠳᠠᠨ ᠰᠢᠢᠳᠪᠦᠷᠢᠯᠡᠬᠦ | ᠮᠥᠷᠲᠡᠭᠡᠨ ᠪᠠᠰᠠ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠭᠠᠵᠠᠷ ᠣᠷᠣᠨ ᠢ ᠬᠠᠮᠤᠭ ᠤᠨ | ᠶᠡᠭᠡ ᠬᠡᠮᠵᠢᠶ᠎ᠡ ᠪᠠᠷ ᠬᠠᠪᠰᠤᠷᠴᠤ ᠪᠠᠶᠢᠭᠠᠳ ᠦᠨᠡᠯᠡᠨ ᠵᠢᠱᠢᠬᠦ ᠠᠴᠠ ᠡᠮᠦᠨ᠎ᠡ ᠡᠯ᠎ᠡ ᠵᠦᠢᠯ ᠤᠨ ᠠᠵᠢᠯ ᠢ ᠰᠠᠶᠢᠲᠤᠷ | ᠪᠡᠶᠡᠯᠡᠭᠦᠯᠬᠦ ᠬᠡᠷᠡᠭᠲᠡᠶ ᠭᠡᠵᠡᠢ᠃ | | | | ᠬᠤᠷᠠᠯ ᠤᠨ ᠳᠠᠷᠠᠭ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠭᠰᠡᠨ ᠰᠡᠬᠦᠯᠴᠢ ᠶᠢᠨ ᠦᠨᠡᠯᠡᠨ ᠵᠢᠱᠢᠬᠦ ᠶᠢ ᠤᠭᠲᠤᠬᠤ ᠠᠵᠢᠯ ᠤᠨ ᠪᠣᠯᠪᠠᠰᠤᠷᠠᠯ ᠬᠢᠪᠠ᠃ ︵ | ᠭᠤᠤ ᠶᠤᠸᠠᠨ ᠶᠤᠸᠠᠨ᠂ ᠬᠦᠰᠡᠯ︶ |